ᠵᠠᠩ ᠶᠦᠩ ᠸᠧᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠭᠤᠣᠯ ᠮᠥᠷᠡᠨ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2023/10/19
705470.jpg
     10 ᠳ᠋ᠤᠭᠠᠷ ᠰᠠᠷ᠎ᠠ ᠶᠢᠨ 18᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠮᠠᠨ ᠤ  ᠲᠤᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠭᠤᠤᠯ ᠮᠥᠷᠡᠨ  ᠣᠶ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠡᠢ᠃      ᠵᠠᠩ ᠶᠦᠩ  ᠸᠧᠨ ᠤᠷᠢᠳ ᠬᠤᠵᠢᠳ ᠪᠠᠶ ᠬᠠᠶ ᠽᠢ ᠪᠠᠯᠭᠠᠰᠤᠨ ᠤ ᠵᠢᠷᠭᠤᠳᠤᠭᠠᠷ ᠰᠤᠮᠤ ᠲᠣᠰᠬᠤᠨ᠂ ᠮᠠ ᠯᠢᠶᠠᠨ ᠴᠢᠦᠶ ᠰᠢᠶᠠᠩ ᠤᠨ  ᠨᠠᠷᠠᠰᠤᠨ ᠲᠣᠰᠬᠤᠨ᠂ ᠨᠢᠳᠠᠨ ᠭᠤᠤᠯ  ᠤᠨ ᠤᠰᠤᠨ ᠴᠥᠭᠦᠷᠥᠮ ᠵᠡᠷᠭᠡ ᠭᠠᠵᠠᠷ ᠲᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠪᠠ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠨᠢᠳᠠᠨ ᠭᠤᠤᠯ ᠤᠨ ᠤᠰᠤᠨ ᠲᠦᠪᠰᠢᠨ᠂ ᠴᠥᠭᠦᠷᠥᠮ ᠤᠨ ᠪᠠᠭᠲᠠᠭᠠᠮᠵᠢ᠂ ᠤᠰᠤᠨ ᠤ ᠴᠢᠨᠠᠷ᠂ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠪᠠᠶᠢᠳᠠᠯ ᠢ  ᠬᠢᠨᠠᠮᠠᠭᠠᠶ ᠪᠠᠶᠢᠴᠠᠭᠠᠨ ᠦᠵᠡᠬᠦ ᠶᠢᠨ ᠬᠠᠮᠲᠤ᠂ ᠰᠢᠶᠠᠩ᠂ ᠲᠣᠰᠬᠤᠨ ᠬᠤᠶᠠᠷ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ᠂ ᠣᠶ ᠬᠠᠮᠠᠭᠠᠯᠠᠭᠴᠢ ᠶᠢᠨ ᠲᠣᠭᠤᠷᠢᠨ ᠬᠠᠮᠠᠭᠠᠯᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ ᠬᠢᠨᠠᠨ  ᠵᠢᠯᠤᠭᠤᠳᠴᠠᠢ᠃     ᠵᠠᠩ ᠶᠦᠩ ᠸᠧᠨ ᠬᠡᠯᠡᠭᠰᠡᠨ ᠨᠢ᠂ ᠵᠧᠵᠢᠶᠠᠩ ᠤᠨ ︽ᠴᠢᠶᠠᠨ ᠸᠠᠨ ᠢᠨᠵᠧᠨᠧᠷᠢᠩ︾᠎ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠰ ᠤᠨ ᠠᠭᠤᠰᠤᠯᠴᠠᠯ ᠢ ᠲᠦᠷᠭᠡᠳᠬᠡᠵᠦ᠂ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠬᠦᠴᠦᠨ ᠢᠶᠠᠷ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂  ᠠᠷᠢᠭᠤᠨ ᠴᠡᠪᠡᠷ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾᠎ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠭᠤᠣᠯ ᠴᠠᠭᠳᠠᠬᠤ ᠠᠵᠢᠯ ᠢ ᠴᠢᠨᠠᠷ ᠰᠠᠶᠢᠲᠠᠢ ᠪᠠᠶᠢᠩᠭᠤᠵᠢᠭᠤᠯᠤᠨ ᠠᠬᠢᠭᠤᠯᠵᠤ᠂ ᠭᠤᠣᠯ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠤ ᠰᠠᠶᠢᠬᠠᠨ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠵᠠᠰᠠᠯᠲᠠ ᠶᠢᠨ  ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ︽ᠤᠢ ᠰᠢᠭᠤᠢ ᠶᠢᠨ ᠳᠠᠷᠤᠭ᠎ᠠ ᠶᠢᠨ ᠳᠦᠷᠢᠮ︾᠎ ᠢᠶᠠᠷ ︽ᠤᠢ ᠰᠢᠭᠤᠢ ᠶᠢᠨ ᠳᠠᠷᠤᠭ᠎ᠠ ᠶᠢᠨ ᠵᠠᠰᠠᠯᠲᠠ︾᠎ ᠶᠢ ᠠᠬᠢᠭᠤᠯᠬᠤ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠾᠧ ᠷᠦᠨ ᠭᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2