ᠵᠢᠨᠢᠩ ᠲᠣᠭᠤᠷᠢᠭ ᠤᠨ ᠨᠠᠮ ᠤᠨ ᠬᠤᠷᠢᠶ᠎ᠠ ᠭᠤᠣᠯ ᠰᠡᠳᠦᠪᠲᠦ ᠰᠤᠷᠭᠠᠨ ᠬᠥᠮᠦᠵᠢᠯ ᠤᠨ ᠲᠣᠭᠤᠷᠢᠭ ᠤᠨ ᠳᠡᠰ ᠤᠨ ᠤᠳᠤᠷᠢᠳᠬᠤ ᠨᠥᠬᠦᠳ ᠤᠨ ᠠᠩᠬᠠᠳᠤᠭᠠᠷ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/19
705470.jpg
      10 ᠰᠠᠷ᠎ᠠ ᠶᠢᠨ 18᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠭᠤᠤᠯ ᠰᠡᠳᠦᠪᠲᠦ ᠰᠤᠷᠭᠠᠨ ᠬᠥᠮᠦᠵᠢᠯ ᠤᠨ ᠲᠣᠭᠤᠷᠢᠭ ᠤᠨ ᠲᠠᠰ ᠤᠨ ᠤᠳᠤᠷᠢᠳᠬᠤ ᠨᠥᠬᠦᠳ ᠤᠨ ᠠᠩᠬᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠠᠵᠢᠯ ᠤᠨ ᠲᠥᠰᠦᠯ︾ ᠪᠣᠯᠤᠨ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ︽ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠴᠠᠭᠠᠨ ᠰᠤᠳᠤᠯᠤᠯᠲᠠ ᠶᠢᠨ ᠮᠠᠭᠤ ᠬᠡᠯᠪᠡᠷᠢᠯ ᠢ  ᠰᠡᠷᠭᠡᠶᠢᠯᠡᠨ ᠵᠠᠯᠠᠷᠠᠭᠤᠯᠬᠤ ᠲᠤᠬᠠᠢ ᠮᠡᠳᠡᠭᠳᠡᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠸᠠᠩ ᠬᠦᠶ ᠴᠧᠩ᠂ ᠯᠢ ᠺᠦᠨ᠂  ᠱᠧᠨ ᠢᠦᠢ ᠰᠢᠶᠠᠩ᠂ ᠶᠠᠨ ᠮᠠᠨ ᠯᠢ᠂ ᠬᠤᠤ ᠵᠢᠶᠠᠨ ᠰᠢᠤ ᠨᠡᠷ ︽ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠵᠠᠩ ᠶᠦᠩ ᠸᠧᠨ ᠤᠯᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠰᠠᠨᠠᠯ ᠢᠶᠠᠨ ᠳᠤᠷᠠᠳᠪᠠ᠃        ᠵᠠᠩ ᠶᠦᠩ ᠸᠧᠨ ᠬᠡᠯᠡᠬᠦ ᠳᠡᠭᠡᠨ᠄ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ  ᠶᠡᠷᠦᠩᠬᠡᠢ ᠱᠦᠵᠢ ᠶᠢᠨ ᠪᠠᠶᠢᠴᠠᠭᠠᠨ ᠰᠤᠳᠤᠯᠤᠯᠲᠠ ᠬᠢᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ᠂ ᠵᠣᠭᠰᠣᠯᠲᠠ ᠦᠵᠡᠯᠲᠡ ᠠᠷᠭ᠎ᠠ ᠶᠢ ᠤᠬᠠᠮᠰᠠᠷ ᠠᠴᠠ ᠪᠠᠨ ᠬᠡᠷᠡᠭᠯᠡᠨ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠲᠤᠷᠰᠢᠯᠭ᠎ᠠ ᠶᠢ ᠰᠦᠪᠡᠭᠴᠢᠯᠡᠵᠦ᠂ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠪᠠᠶᠢᠴᠠᠭᠠᠨ ᠰᠤᠳᠤᠯᠤᠯᠲᠠ ᠬᠢᠬᠦ ᠡᠨᠡᠬᠦ ︽ᠤᠯᠠᠮᠵᠢᠯᠠᠯᠲᠤ ᠡᠷᠳᠡᠨᠢ︾᠎ ᠶᠢ ᠰᠠᠶᠢᠲᠤᠷ ᠬᠡᠷᠡᠭᠯᠡᠭᠦᠯᠵᠦ᠂ ᠪᠠᠶᠢᠴᠠᠭᠠᠨ ᠰᠤᠳᠤᠯᠤᠯᠲᠠ ᠶᠢ ᠪᠦᠬᠦ  ᠲᠤᠭᠤᠷᠢᠭ ᠲᠤ ᠨᠡᠶᠢᠳᠡᠮ ᠳᠡᠯᠭᠡᠷᠡᠭᠦᠯᠬᠦ ᠶᠢ ᠠᠬᠢᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠴᠢᠭᠯᠡᠯ ᠢ ᠣᠨᠣᠪᠴᠢᠲᠠᠢ ᠡᠷᠢᠨ ᠣᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠭᠤᠣᠯ ᠰᠡᠳᠦᠪᠲᠦ ᠰᠤᠷᠭᠠᠨ ᠬᠥᠮᠦᠵᠢᠯ ᠤᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠨᠠᠷᠢᠨ ᠲᠠᠩᠰᠠᠨ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠵᠤ ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠨᠢᠭᠡᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠮᠢᠨᠦ ᠬᠢᠭᠰᠡᠨ ᠪᠠᠶᠢᠴᠠᠭᠠᠨ ᠰᠤᠳᠤᠯᠤᠯᠲᠠ ᠶᠢ ᠪᠢ ᠦᠪᠡᠷ ᠢᠶᠠᠨ ᠠᠬᠢᠭᠤᠯᠤᠨ᠎ᠠ︾᠎ ᠶᠢ ᠦᠨᠡᠨᠬᠦ ᠪᠡᠶᠡᠯᠡᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ ᠪᠣᠳᠠᠲᠠᠶᠢᠵᠢᠭᠤᠯᠬᠤ ᠬᠡᠷᠡᠭᠲᠡᠢ᠃ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠷᠢᠮᠲᠠᠯᠠᠵᠤ᠂ ᠤᠷᠢᠳᠠᠪᠠᠷ ᠪᠠᠶᠢᠴᠠᠭᠠᠨ ᠰᠤᠳᠤᠯᠵᠤ ᠲᠠᠷᠠᠭ᠎ᠠ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ᠂ ᠤᠳᠤᠷᠢᠳᠤᠯᠭ᠎ᠠ ᠲᠦᠷᠦᠭᠦᠯᠡᠨ ᠪᠠᠶᠢᠴᠠᠭᠠᠨ ᠰᠤᠳᠤᠯᠬᠤ ᠲᠦᠷᠢᠮ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠲᠤᠯᠠᠬᠤ ᠬᠡᠷᠡᠭᠲᠡᠢ᠃     ᠲᠤᠭᠤᠷᠢᠭ ᠤᠨ ︽ᠳᠥᠷᠪᠡᠨ ᠶᠡᠭᠡ ᠤᠳᠤᠷᠢᠳᠬᠤ ᠪᠠᠭ︾᠎ ᠤᠨ ᠪᠦᠷᠢᠯᠳᠦᠬᠦᠨ᠂ ᠰᠢᠭᠦᠬᠦ ᠬᠤᠷᠢᠶ᠎ᠠ  ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂  ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ᠂ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                   ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2