ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 14 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/30
705470.jpg
     10 ᠰᠠᠷ᠎ᠠ ᠶᠢᠨ 26᠎ ᠤ ᠡᠳᠦᠷ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 14  ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠎ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠶᠡᠷᠦᠩᠬᠡᠶ ᠱᠦᠵᠢ ᠰᠢ ᠶᠢᠨ ᠫᠢᠩ ᠎ ᠤᠨ ᠭᠤᠣᠯ ᠰᠡᠳᠦᠪᠲᠦ ᠬᠥᠮᠦᠵᠢᠯ ᠤᠨ ᠲᠤᠬᠠᠶ ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠬᠤ ᠲᠤᠬᠠᠶ ᠮᠡᠳᠡᠭᠳᠡᠯ︾᠎ ᠢ ᠤᠯᠠᠮᠵᠢᠯᠠᠨ ᠰᠤᠷᠤᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ ᠂ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠪᠣᠳᠠᠲᠠᠢ ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠰᠠᠶᠢᠲᠤᠷ ᠥᠷᠨᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠳᠤᠪᠤᠶᠢᠯᠭᠠᠵᠤ᠂ ᠤᠳᠤᠷᠢᠳᠬᠤ ᠺᠠᠳ᠋ᠷ ᠪᠡᠶ᠎ᠡ ᠪᠠᠷ ᠢᠶᠠᠨ ᠪᠠᠶᠢᠴᠠᠭᠠᠨ ᠰᠤᠳᠤᠯᠤᠯᠲᠠ ᠬᠢᠵᠦ᠂ ᠦᠨᠡᠨ ᠬᠦ ᠪᠠᠶᠢᠴᠠᠭᠠᠨ ᠰᠤᠳᠤᠯᠤᠯᠲᠠ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ  ᠬᠡᠮᠵᠢᠶ᠎ᠡ ᠶᠢ ᠣᠨᠣᠪᠴᠢᠲᠠᠢ ᠡᠷᠢᠨ ᠣᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠷᠠᠳ ᠤᠯᠠᠨ ᠳᠤ ᠨᠡᠩ ᠤᠯᠠᠨ ᠪᠣᠳᠠᠲᠤ ᠠᠰᠢᠭ ᠬᠦᠷᠲᠡᠭᠡᠬᠦ ᠬᠡᠷᠡᠭᠲᠡᠢ᠃         ᠭᠤᠣᠯ ᠰᠡᠳᠦᠪᠲᠦ ᠬᠥᠮᠦᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠠᠳᠬᠤᠵᠤ᠂ ᠤᠯᠠᠨ ᠲᠦᠮᠡᠨ ᠤ ᠪᠠᠴᠢᠮ ᠬᠦᠴᠢᠷᠲᠠᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠡᠰᠡᠬᠦ ᠪᠠᠷ ᠦᠨᠳᠦᠰᠦᠨ ᠦᠨᠡᠯᠡᠬᠦ ᠪᠠᠷᠢᠮᠵᠢᠶ᠎ᠠ ᠪᠣᠯᠭᠠᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠬᠤ ᠶᠢ ᠪᠠᠷᠢᠮᠲᠠᠯᠠᠵᠤ᠂ ᠬᠡᠯᠪᠡᠷᠢ ᠶᠢᠨ ᠦᠵᠡᠯ ᠢ ᠰᠡᠷᠭᠡᠶᠢᠯᠡᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠵᠥᠷᠢᠴᠡᠯ ᠪᠣᠯᠤᠨ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠳᠤᠲᠠᠭᠤᠳᠠᠯ ᠢ ᠨᠥᠬᠦᠪᠥᠷᠢᠯᠡᠬᠦ᠂ ᠳᠠᠪᠠᠭᠤᠯᠢᠭ ᠢ ᠪᠠᠳᠠᠷᠠᠭᠤᠯᠬᠤ ᠳᠡᠭᠡᠷ᠎ᠡ ᠬᠦᠴᠦ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠡᠯ᠎ᠡ ᠵᠦᠢᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2