ᠵᠠᠩ ᠶᠦᠩ ᠸᠧᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/10/31
705470.jpg
    10 ᠰᠠᠷ᠎ᠠ ᠶᠢᠨ 30᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ︽ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠶ᠎ᠠ︾ ᠭᠡᠬᠦ ᠰᠡᠳᠦᠪ ᠢᠶᠠᠷ ᠪᠦᠬᠦ  ᠲᠤᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠭᠦᠨᠵᠡᠭᠡᠢ ᠪᠥᠭᠡᠳ ᠠᠮᠢᠳᠤᠯᠢᠭ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃     ᠲᠤᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ  ᠬᠤᠷᠢᠶ᠎ᠠ ᠪᠠᠶᠢᠴᠠᠭᠠᠬᠤ  ᠬᠤᠷᠢᠶ᠎ᠠ ᠶᠢᠨ ︽ᠬᠤᠶᠠᠷ ᠳᠠᠷᠤᠭ᠎ᠠ︾ ᠵᠢᠴᠢ ᠪᠤᠰᠤᠳ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠷᠠᠯ ᠳᠤ ᠣᠷᠣᠯᠴᠠᠵᠠᠢ᠃   ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠧᠦ ᠲᠤᠤ ᠷᠠᠨ ᠬᠤᠷᠠᠯ ᠡᠷᠭᠢᠯᠡᠪᠡ᠃     ᠵᠠᠩ ᠶᠦᠩ ᠸᠧᠨ ᠤᠯᠠᠨ ᠢ ᠳᠠᠭᠠᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠬᠢᠨ ᠡᠷᠭᠢᠴᠡᠭᠦᠯᠵᠦ᠂ ᠣᠳᠣᠬᠠᠨ ᠤ ᠪᠠᠶᠢᠳᠠᠯ ᠳᠤ ᠭᠦᠨᠵᠡᠭᠡᠢ ᠨᠠᠷᠢᠯᠢᠭ ᠵᠠᠳᠠᠯᠤᠯᠲᠠ ᠬᠢᠵᠦ᠂ ᠪᠦᠬᠦ ᠲᠤᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠵᠢᠯ ᠤᠨ ᠠᠷᠭ᠎ᠠ ᠬᠡᠯᠪᠡᠷᠢ ᠪᠠᠨ ᠰᠢᠯᠢᠳᠡᠭᠵᠢᠭᠦᠯᠬᠦ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠲᠡᠷᠡ ᠬᠡᠯᠡᠭᠰᠡᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠬᠢ ᠰᠣᠳᠣ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠠᠵᠢᠯ ᠬᠢᠵᠦ ᠦᠢᠯᠡᠰ ᠪᠤᠰᠬᠠᠬᠤ ᠡᠷᠳᠡᠮ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ︽ᠥᠪᠥᠷ ᠮᠣᠩᠭᠤᠯ ᠤᠨ  ᠭᠠᠷᠴᠠᠭᠯᠠᠯ ᠵᠣᠬᠢᠶᠠᠯ︾᠂ ︽ᠦᠨᠳᠦᠰᠦᠲᠡᠨ ᠤ ᠭᠠᠷᠴᠠᠭᠯᠠᠯ ᠵᠣᠬᠢᠶᠠᠯ︾᠎ ᠢ ᠰᠢᠰᠲ᠋ᠧᠮ ᠲᠠᠢ ᠰᠤᠷᠤᠯᠴᠠᠵᠤ᠂ ᠶᠡᠷᠦᠩᠬᠡᠢ ᠱᠦᠵᠢ ᠶᠢᠨ ᠬᠠᠯᠠᠮᠵᠢᠯᠠᠯ ᠬᠦᠨᠳᠦ ᠨᠠᠶᠢᠳᠠᠯᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠨᠢᠨ ᠳᠡᠭᠡᠷ᠎ᠡ ᠨᠢ ᠡᠵᠡᠮᠳᠡᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠥᠭᠡᠳᠡᠯᠡᠨ ᠳᠠᠪᠰᠢᠬᠤ ᠰᠢᠨ᠎ᠡ ᠰᠤᠷᠲᠠᠯ ᠲᠥᠪ ᠰᠤᠷᠲᠠᠯ ᠢ ᠦᠷᠭᠦᠯᠵᠢᠯᠡᠨ ᠬᠠᠳᠠᠭᠠᠯᠠᠵᠤ᠂ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠦᠨᠡᠨᠬᠦ ᠪᠤᠢ ᠪᠣᠯᠭᠠᠬᠤ ᠬᠡᠷᠡᠭᠲᠡᠢ᠃     ᠵᠠᠩ ᠶᠦᠩ ᠸᠧᠨ  ᠱᠠᠭᠠᠷᠳᠠᠭᠰᠠᠨ ᠨᠢ᠂ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ︾᠂ ︽ᠤᠰᠤ ᠠᠷᠪᠢᠯᠠᠵᠤ ᠤᠰᠤ ᠶᠢ ᠬᠢᠵᠠᠭᠠᠷᠯᠠᠬᠤ︾᠂ ︽ᠪᠣᠬᠢᠷᠲᠤᠯ ᠢ ᠰᠡᠷᠭᠡᠶᠢᠯᠡᠵᠦ ᠪᠣᠬᠢᠷᠲᠤᠯ ᠢ ᠪᠠᠭᠠᠰᠬᠠᠬᠤ︾᠎ ᠶᠢ ᠲᠤᠪᠤᠶᠢᠯᠭᠠᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠲᠠᠯ᠎ᠠ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠡᠷᠲᠡ ᠠᠴᠠ ᠰᠡᠷᠭᠡᠶᠢᠯᠡᠵᠦ᠂ ᠵᠥᠷᠢᠴᠡᠯ ᠢ ᠨᠠᠮᠳᠠᠭᠤᠯᠤᠨ ᠴᠢᠩᠭ᠎ᠠ ᠵᠠᠰᠠᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠬᠦ ᠬᠡᠷᠡᠭᠲᠡᠢ᠃ ︽ᠥᠭᠡᠷᠡᠴᠢᠯᠡᠬᠦ︾᠎ ᠪᠠᠷ ᠬᠥᠲᠥᠯᠦᠮᠵᠢ ᠪᠣᠯᠭᠠᠵᠤ ᠂ ︽ᠨᠣᠭᠤᠭᠠᠷᠠᠭᠤᠯᠬᠤ︾᠎ ᠪᠠᠷ  ᠬᠡᠯᠬᠢᠶ᠎ᠡ ᠪᠣᠯᠭᠠᠬᠤ ᠶᠢ ᠪᠠᠷᠢᠮᠲᠠᠯᠠᠵᠤ᠂ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠬᠡᠨ ᠪᠠᠶᠢᠭᠤᠯᠬᠤ ᠳᠡᠭᠡᠷ᠎ᠡ  ᠬᠦᠴᠦᠯᠡᠬᠦ ᠬᠡᠷᠡᠭᠲᠡᠢ᠃ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠰᠠᠶᠢᠲᠤᠷ ᠠᠳᠬᠤᠵᠤ᠂ ︽ᠲᠥᠮᠥᠰᠥ  ᠰᠦ ᠮᠢᠬ᠎ᠠ︾᠎ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠪᠣᠳᠠᠲᠠᠶᠢᠵᠢᠭᠤᠯᠤᠨ ᠡᠳ᠋ᠰᠢᠭᠦᠯᠬᠦ ᠶᠢ ᠴᠢᠩᠭᠠᠳᠬᠠᠵᠤ᠂ ᠪᠠᠷᠠᠭᠠᠨ ᠭᠦᠢᠯᠭᠡᠭᠡᠨ ᠤ ᠵᠠᠮ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠤᠮᠠᠷᠠᠰᠢ ᠨᠡᠬᠡᠬᠡᠯᠳᠡ ᠬᠢᠬᠦ ᠪᠠᠬᠢᠯᠡᠯᠲᠡ ᠪᠠᠶᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠦᠷ᠎ᠡ ᠪᠦᠲᠦᠮᠵᠢ ᠶᠢ ᠭᠦᠨᠵᠡᠭᠡᠢ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃    ᠵᠠᠩ ᠶᠦᠩ ᠸᠧᠨ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠲᠤᠨ ᠤ ᠬᠢᠨ ᠦᠵᠡᠯ ᠰᠠᠨᠠᠭ᠎ᠠ ᠪᠠᠨ ᠴᠢᠯᠥᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠴᠢᠳᠠᠮᠠᠭᠠᠢ ᠪᠠᠷ ᠠᠵᠢᠯᠯᠠᠵᠤ᠂ ᠠᠵᠢᠯ ᠬᠢᠵᠦ ᠴᠢᠳᠠᠬᠤ ᠡᠭᠦᠷᠭᠡᠯᠡᠯ᠂ ᠠᠵᠢᠯ ᠬᠢᠵᠦ ᠴᠢᠳᠠᠬᠤ ᠴᠢᠳᠠᠪᠤᠷᠢ᠂ ᠠᠵᠢᠯ ᠶᠠᠪᠤᠳᠠᠯ ᠪᠦᠲᠦᠭᠡᠵᠦ ᠴᠢᠳᠠᠬᠤ ᠴᠢᠳᠠᠪᠤᠷᠢ᠂ ᠠᠵᠢᠯ ᠶᠠᠪᠤᠳᠠᠯ  ᠤᠨ ᠤᠰᠤᠯ ᠦᠯᠦ ᠭᠠᠷᠭᠠᠬᠤ᠂ ᠰᠢᠨ᠎ᠡ ᠠᠶᠠᠨ ᠤ ᠪᠣᠳᠠᠲᠠᠢ ᠠᠵᠢᠯᠯᠠᠭᠴᠢ᠂ ᠴᠢᠷᠮᠠᠶᠢᠨ ᠲᠡᠮᠡᠴᠡᠭᠴᠢ ᠪᠤᠯᠵᠤ᠂ ᠵᠢᠨᠢᠩ ᠤᠨ ᠴᠢᠨᠠᠷ ᠰᠠᠶᠢᠲᠠᠢ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠪᠠᠷ ᠴᠢᠷᠮᠠᠶᠢᠬᠤ ᠬᠡᠷᠡᠭᠲᠡᠢ ᠃      ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂   ᠪᠠᠶᠢᠭᠤᠯᠭ᠎ᠠ ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2