ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  2023 ᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/7
705470.jpg
    9 ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠤᠷᠤᠯᠴᠠᠨ  ᠲᠤᠭᠤᠰᠢᠯᠠᠭᠤᠯᠬᠤ ᠲᠤᠬᠠᠢ ᠰᠢᠷᠢᠰ ᠶᠠᠷᠢᠶ᠎ᠠ ᠵᠢᠴᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠠᠵᠢᠯ ᠤᠨ ᠲᠥᠰᠦᠯ︾᠎ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ  ᠬᠡᠮᠵᠢᠶ᠎ᠡ ᠪᠣᠯᠤᠨ᠎ᠠ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠶᠢ ᠨᠡᠪᠲᠡᠷᠡᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠦᠯ ᠬᠤᠪᠢᠶᠠᠨ ᠵᠢᠯᠣᠭᠤᠳᠬᠤ ᠶᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠢ ᠦᠨᠡᠨᠬᠦ ᠴᠢᠩᠭ᠎ᠠ ᠪᠣᠳᠠᠲᠠᠢ ᠠᠳᠬᠤᠨ ᠦᠷ᠎ᠡ ᠪᠦᠲᠦᠮᠵᠢ ᠭᠠᠷᠭᠠᠵᠤ᠂ ᠵᠢᠨᠢᠩ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠣᠭᠤᠮᠲᠠ ᠰᠢᠪᠲᠤᠯᠤᠨ ᠬᠦᠴᠢᠷ ᠢ ᠲᠤᠭᠤᠯᠬᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃   ᠬᠤᠷᠠᠯ ᠠᠴᠠ ︽2023 ᠣᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠎ ᠢ ᠤᠯᠠᠮᠵᠢᠯᠠᠨ ᠰᠤᠷᠤᠯᠴᠠᠵᠤ᠂  ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ  ᠬᠡᠮᠵᠢᠶ᠎ᠡ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ︽ᠲᠡᠷᠢᠭᠦᠨ ᠴᠢᠬᠤᠯᠠ ᠶᠡᠭᠡ ᠶᠠᠪᠤᠳᠠᠯ︾ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠤᠳᠤᠷᠢᠳᠬᠤ ᠺᠠᠳ᠋ᠷ ᠡᠭᠡᠯᠵᠢ ᠳᠠᠭᠠᠭᠤᠯᠬᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ᠂ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ ᠪᠠ ᠡ᠊ᠨᠳᠡᠯ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃    ᠬᠤᠷᠠᠯ ᠠᠴᠠ ᠵᠢᠨᠢᠩ ᠲᠣᠭᠤᠷᠢᠭ ᠤᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃   ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠬᠢᠴᠠ ᠶᠢᠨ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠬᠤᠷᠳᠤᠴᠠ ᠪᠠᠨ ᠲᠦᠷᠭᠡᠳᠬᠡᠵᠦ᠂ ᠡᠷᠴᠢᠮ ᠢᠶᠠᠨ ᠴᠢᠩᠭᠠᠷᠠᠭᠤᠯᠤᠨ᠂ ᠲᠠᠪᠤᠨ ᠠᠵᠤ ᠠᠬᠤᠶ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠬᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠦᠷᠢᠮ ᠢ ᠴᠢᠩᠭ᠎ᠠ ᠵᠢᠷᠤᠮᠯᠠᠨ ᠠᠵᠢᠯᠯᠠᠵᠤ᠂ ᠲᠤᠭ᠎ᠠ ᠪᠠᠷᠢᠮᠲᠠ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃     ᠬᠤᠷᠠᠯ ᠠᠴᠠ ︽ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠲᠦᠷᠢᠮ︾᠎ ᠢ ᠤᠯᠠᠮᠵᠢᠯᠠᠨ ᠰᠤᠷᠤᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠦᠨᠡᠯᠡᠬᠦ ᠭᠦᠢᠴᠡᠳᠬᠡᠯ ᠲᠤᠭ᠎ᠠ ᠶᠢ ᠲᠠᠶᠢᠯᠪᠤᠷᠢᠯᠠᠵᠤ ᠂ ᠵᠢᠨᠢᠩ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠠᠵᠤ ᠠᠬᠤᠶᠢᠯᠠᠯ ᠳᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠦᠨᠳᠦᠰᠦᠨ ᠡᠭᠦᠰᠪᠦᠷᠢ ᠪᠣᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠥᠭᠡᠲᠡᠶ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠶᠢ ᠡᠷᠡᠰ ᠭᠤᠶᠢᠪᠢᠰᠢ ᠥᠬᠡᠶ ᠪᠠᠷ ᠳᠥᠯᠭᠢᠨ ᠠᠬᠢᠭᠤᠯᠬᠤ ᠬᠡᠷᠡᠭᠲᠡᠶ᠃ ᠡᠵᠡᠩᠨᠡᠯᠲᠡ ᠶᠢᠨ ᠣᠷᠴᠢᠨ ᠲᠣᠭᠤᠷᠢᠨ ᠢ ᠬᠡᠮᠵᠢᠬᠦ ᠭᠤᠣᠯ ᠪᠣᠯᠬᠤ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠮᠠᠨ ᠤ  ᠲᠤᠭᠤᠷᠢᠭ ᠤᠨ ᠠᠵᠤ ᠠᠬᠤᠶᠢᠯᠠᠯ ᠤᠨ ᠠᠵᠢᠯ ᠶᠠᠪᠤᠳᠠᠯ ᠡᠷᠬᠢᠯᠡᠬᠦ ᠶᠠᠪᠤᠴᠠ ᠳᠠᠬᠢ  ︽ᠲᠦᠭᠵᠢᠷᠡᠯ︾᠎ ᠢ ᠪᠦᠬᠦ ᠲᠠᠯ᠎ᠠ ᠪᠠᠷ ᠡᠮᠬᠢᠯᠡᠵᠦ᠂ ᠭᠤᠭᠴᠤᠭ᠎ᠠ ᠶᠢ ᠴᠣᠮᠬᠠᠳᠬᠠᠬᠤ᠂ ᠴᠠᠭ ᠬᠤᠭᠤᠴᠠᠭ᠎ᠠ ᠶᠢ ᠴᠣᠮᠬᠠᠳᠬᠠᠬᠤ᠂ ᠭᠤᠶᠤᠴᠢᠯᠠᠨ ᠮᠡᠳᠡᠭᠦᠯᠬᠦ ᠮᠠᠲᠧᠷᠢᠶᠠᠯ ᠢ ᠴᠣᠮᠬᠠᠳᠬᠠᠬᠤ ᠪᠠᠷ ᠭᠤᠣᠯᠳᠠᠯᠭ᠎ᠠ ᠪᠣᠯᠭᠠᠵᠤ᠂ ᠬᠠᠷᠰᠢ ᠰᠠᠭᠠᠳ ᠢ ᠠᠷᠢᠯᠭᠠᠨ ᠦᠷ᠎ᠡ ᠠᠰᠢᠭ ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠢ ᠭᠦᠢᠴᠡᠳ ᠰᠠᠶᠢᠲᠤᠷ ᠠᠰᠢᠭᠯᠠᠵᠤ᠂ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃                            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2