ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2023/10/8
        ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ  2019 ᠣᠨ ᠤ 3 ᠰᠠᠷ᠎ᠠ ᠶᠢᠨ 22᠎ ᠤᠨ ᠡᠳᠦᠷ ᠪᠠᠶᠢᠭᠤᠯᠤᠭᠳᠠᠪᠠ᠂   ᠶᠡᠷᠦᠩᠬᠡᠶᠢᠯᠡᠭᠰᠡᠨ ᠠᠯᠪᠠᠨ  ᠭᠡᠷ ᠂ ᠳᠡᠭᠡᠳᠦ ᠰᠢᠨ᠎ᠡ ᠮᠡᠷᠭᠡᠵᠢᠯ ᠤᠨ ᠬᠡᠯᠲᠠᠰ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ  ᠬᠡᠯᠲᠠᠰ᠂ ᠦᠷ᠎ᠡ ᠪᠦᠲᠦᠭᠡᠯ ᠢ ᠬᠤᠪᠢᠷᠠᠭᠤᠯᠬᠤ ᠬᠡᠯᠲᠠᠰ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠡᠯᠲᠠᠰ᠂ ᠠᠵᠤ ᠦᠶᠯᠡᠰ ᠤᠨ ᠬᠥᠭᠵᠢᠯᠲᠡ ᠶᠢᠨ ᠬᠡᠯᠲᠠᠰ᠂  ᠲᠦᠷᠦᠯ ᠵᠦᠢᠯ ᠤᠨ ᠬᠠᠮᠢᠶᠠᠷᠤᠯᠲᠠ ᠶᠢᠨ ᠬᠡᠯᠲᠠᠰ ᠵᠡᠷᠭᠡ 7 ᠡᠭᠦᠷᠭᠡ ᠴᠢᠳᠠᠪᠤᠷᠢ ᠶᠢᠨ ᠬᠡᠯᠲᠠᠰ ᠢ ᠪᠠᠶᠢᠭᠤᠯᠪᠠ᠃          ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄          ︵ᠨᠢᠭᠡ︶ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠣᠮᠣ ᠳ᠋ᠠᠶᠢᠲ᠋ᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠣᠮᠣ ᠳ᠋ᠠᠶᠢᠲ᠋ᠠ᠂ ᠮᠡᠳᠡᠭᠡ ᠵᠠᠩᠭᠢᠵᠢᠯᠲᠠ ᠶᠢᠨ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠨᠠᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠎ ᠶᠢ ᠡᠭᠦᠳᠬᠦ᠂ ᠲᠤᠮᠤ ᠳ᠋ᠠᠶᠢᠲ᠋ᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃         ︵ᠬᠤᠶᠠᠷ︶ ᠵᠢᠨᠢᠩ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ  ᠪᠠᠶᠢᠯᠳᠤᠬᠤ ᠪᠣᠳᠣᠯᠭ᠎ᠠ᠂ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠠᠵᠤ ᠦᠶᠯᠡᠰ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠡᠯ᠎ᠡ ᠳᠠᠭᠠᠭᠤᠯᠤᠭᠴᠢ᠂ ᠡᠯ᠎ᠡ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠵᠢᠯᠣᠭᠤᠳᠤᠨ ᠵᠣᠬᠢᠴᠠᠭᠤᠯᠤᠨ᠎ᠠ᠃         ︵ᠭᠤᠷᠪᠠ︶ ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ᠂ ᠲᠣᠮᠣ ᠳ᠋ᠠᠶᠢᠲ᠋ᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠪᠡ ᠪᠠ ᠵᠣᠬᠢᠶᠠᠨ ᠪᠠᠶᠢᠭᠤᠯᠤᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠂ ᠲᠣᠮᠣ ᠳ᠋ᠠᠶᠢᠲ᠋ᠠ ᠶᠢᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ᠂ ᠲᠣᠮᠣ ᠳ᠋ᠠᠶᠢᠲ᠋ᠠ ᠶᠢᠨ ᠴᠢᠳᠠᠪᠤᠷᠢᠲᠠᠨ ᠤ ᠲᠥᠯᠥᠪᠯᠡᠭᠡ ᠶᠢ  ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃         ︵ᠲᠦᠷᠪᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠬᠤ ᠣᠯᠠᠨ ᠡᠰᠢᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠵᠢᠨᠢᠩ ᠲᠣᠭᠤᠷᠢᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠲᠦᠷᠦᠯ ᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠵᠢᠨᠢᠩ ᠲᠣᠭᠤᠷᠢᠭ ᠤᠨ ᠲᠣᠮᠣ ᠳ᠋ᠠᠶᠢᠲ᠋ᠠ ᠶᠢᠨ ᠲᠤᠰᠬᠠᠶ ᠵᠦᠶᠯ ᠤᠨ ᠪᠠᠯᠠ ᠮᠥᠩᠭᠦ ᠶᠢᠨ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠮᠣ ᠳ᠋ᠠᠶᠢᠲ᠋ᠠ ᠶᠢᠨ ᠰᠠᠭᠤᠷᠢ  ᠮᠦᠡᠭᠭᠦ ᠶᠢ ᠪᠠᠶᠢᠭᠤᠯᠬᠤ ᠪᠠ ᠬᠠᠮᠢᠶᠠᠷᠬᠤ ᠶᠢ ᠵᠢᠯᠣᠭᠤᠳᠤᠨ᠎ᠠ᠃ ᠵᠢᠨᠢᠩ ᠲᠣᠭᠤᠷᠢᠭ ᠤᠨ ᠲᠥᠰᠦᠪ ᠤᠨ ᠳᠣᠲᠣᠷᠠᠬᠢ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ  ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ ᠲᠣᠮᠣ ᠳ᠋ᠠᠶᠢᠲ᠋ᠠ ᠶᠢᠨ ᠬᠦᠷᠢᠶᠡᠨ ᠳᠠᠬᠢ ᠲᠣᠭᠲᠠᠮᠠᠯ ᠬᠥᠷᠥᠩᠭᠡ  ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠵᠢᠴᠢ ᠴᠢᠭᠯᠡᠯ ︵ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠪᠠᠭᠲᠠᠨ᠎ᠠ︶᠂ ᠥᠪᠡᠷᠲᠡᠭᠡᠨ ᠵᠠᠰᠠᠬᠤ ᠣᠷᠣᠨ᠂ ᠬᠤᠲᠠ  ᠬᠤᠶᠠᠷ ᠱᠠᠲᠤᠨ ᠤ  ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢ ᠳᠡᠮᠵᠢᠬᠦ  ᠰᠠᠨᠠᠭᠤᠯᠭ᠎ᠠ  ᠳᠤᠷᠠᠳᠬᠤ ᠶᠢ ᠬᠠᠷᠢᠭᠤᠴᠠᠨ᠎ᠠ᠃           ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ  ᠲᠦᠯᠦᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠡᠭᠦᠳᠦᠯᠲᠡ ᠶᠢ  ᠲᠡᠭᠦᠯᠳᠡᠷᠵᠢᠭᠦᠯᠦᠨ᠎ᠡ᠃ ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠲᠣᠮᠣ ᠳ᠋ᠠᠶᠢᠲ᠋ᠠ ᠶᠢᠨ ᠠᠵᠤ ᠦᠢᠯᠡᠰ  ᠤᠨ ᠬᠥᠭᠵᠢᠯᠲᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ᠂  ᠳᠡᠭᠡᠳᠦ  ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢ ᠵᠣᠬᠢᠶᠠᠨ ᠪᠠᠶᠢᠭᠤᠯᠵᠤ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠪᠣᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ  ᠲᠦᠯᠦᠪᠵᠢᠬᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ  ᠬᠡᠮᠵᠢᠶ᠎ᠡ ᠶᠢ  ᠲᠤᠭᠲᠠᠭᠠᠨ᠎ᠠ᠃          ︵ᠵᠢᠷᠭᠤᠭ᠎ᠠ︶ ᠵᠢᠨᠢᠩ ᠲᠣᠭᠤᠷᠢᠭ ᠤᠨ ᠰᠠᠭᠤᠷᠢ ᠰᠤᠳᠤᠯᠤᠯ ᠤᠨ ᠲᠦᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠳᠤᠯᠤᠯ᠂ ᠬᠡᠷᠡᠭᠯᠡᠭᠡᠨ ᠤ ᠰᠠᠭᠤᠷᠢ ᠰᠤᠳᠤᠯᠤᠯ ᠪᠣᠯᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠥᠷᠥᠯ ᠵᠦᠶᠯ ᠢᠶᠠᠷ ᠮᠡᠳᠡᠭᠦᠯᠬᠦ ᠶᠢᠨ ᠬᠠᠮᠲᠤ ᠬᠡᠷᠡᠭᠵᠢᠭᠦᠯᠬᠦ ᠪᠠ ᠬᠠᠮᠢᠶᠠᠷᠬᠤ ᠶᠢ ᠬᠠᠷᠢᠭᠤᠴᠠᠬᠤ ᠬᠡᠷᠡᠭᠲᠡᠶ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠶᠢ ᠬᠠᠷᠢᠭᠤᠴᠠᠨ᠎ᠠ᠃         ︵ᠳᠣᠯᠤᠭ᠎ᠠ︶ ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠶᠢ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠰᠢᠭᠤᠯᠬᠤ ᠪᠠ  ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠤᠨ᠎ᠠ᠃         ︵ ᠨᠠᠢᠮᠠ︶  ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠦᠶᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠬᠦ  ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃         ︵ᠶᠢᠰᠦ︶  ᠵᠢᠨᠢᠩ ᠲᠣᠭᠤᠷᠢᠭ ᠤᠨ ᠰᠢᠨ᠎ᠡ ᠶᠢ ᠡᠭᠦᠳᠬᠦ ᠪᠠᠶᠢᠴᠠᠭᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ︵ᠠᠷᠪᠠ︶ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ  ᠨᠢᠭᠡᠲᠦᠯᠲᠡᠢ ᠲᠥᠯᠥᠪᠯᠡᠨ᠎ᠡ᠃ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢ ᠴᠤᠭᠯᠠᠭᠤᠯᠤᠨ ᠳᠠᠩᠰᠠᠯᠠᠨ ᠬᠠᠮᠢᠶᠠᠷᠠᠵᠤ ᠨᠢᠭᠡᠳᠦᠯᠲᠡᠶ ᠲᠥᠯᠥᠪᠯᠡᠨ᠎ᠡ᠃ ᠨᠡᠶᠢᠭᠡᠮ ᠤᠨ ᠲᠤᠭ᠎ᠠ ᠪᠠᠷᠢᠮᠲᠠ ᠶᠢᠨ ᠴᠤᠭᠯᠠᠷᠠᠯ ᠢ ᠠᠭᠤᠰᠤᠯᠴᠠᠭᠤᠯᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠎ᠠ᠃          ︵ᠠᠷᠪᠠᠨ ᠨᠢᠭᠡ︶ ᠲᠤᠭ᠎ᠠ ᠪᠠᠷᠢᠮᠲᠠ ᠶᠢᠨ ᠲᠥᠪ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠪᠠ ᠡᠷᠴᠢᠮᠵᠢᠭᠦᠯᠦᠨ ᠠᠰᠢᠭᠯᠠᠬᠤ ᠶᠢ ᠬᠠᠷᠢᠭᠤᠴᠠᠨ᠎ᠠ᠃ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢᠨ ᠨᠢᠭᠡᠳᠦᠯᠲᠡᠶ ᠡᠭᠦᠯᠡᠨ ᠲᠠᠪᠴᠠᠩ ᠤᠨ ᠪᠠᠶᠢᠭᠤᠯᠤᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠢᠨᠢᠩ ᠲᠣᠭᠤᠷᠢᠭ ᠤᠨ ᠰᠦᠯᠵᠢᠶᠡᠨ ᠤ ᠦᠶᠯᠡᠴᠢᠯᠡᠭᠡᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠤᠨ᠎ᠠ᠃          ︵ᠠᠷᠪᠠᠨ ᠬᠤᠶᠠᠷ︶ ᠵᠢᠨᠢᠩ ᠲᠣᠭᠤᠷᠢᠭ ᠤᠨ ᠲᠣᠮᠣ ᠳ᠋ᠠᠶᠢᠲ᠋ᠠ ᠶᠢᠨ ᠠᠵᠤ ᠦᠶᠯᠡᠰ ᠤᠨ ᠬᠥᠭᠵᠢᠯᠲᠡ ᠪᠠ ᠠᠵᠢᠯ  ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠲᠣᠮᠣ ᠳ᠋ᠠᠶᠢᠲ᠋ᠠ ᠶᠢᠨ ᠭᠤᠤᠯ ᠡᠵᠡᠩᠨᠡᠯᠲᠡ ᠶᠢᠨ ᠪᠠᠶᠢᠳᠠᠯ ᠲᠥᠯᠥᠪ᠂ ᠬᠤᠯᠪᠣᠭᠳᠠᠬᠤ ᠡᠵᠡᠩᠨᠡᠯᠲᠡ ᠶᠢᠨ ᠪᠠᠶᠢᠳᠠᠯ ᠲᠥᠯᠥᠪ᠂ ᠡᠭᠦᠰᠦᠮᠡᠯ ᠡᠵᠡᠩᠨᠡᠯᠲᠡ ᠶᠢᠨ ᠪᠠᠶᠢᠳᠠᠯ ᠲᠥᠯᠥᠪ ᠬᠥᠭᠵᠢᠯᠲᠡ ᠶᠢ ᠵᠢᠯᠣᠭᠤᠳᠤᠨ᠎ᠠ᠃          ︵ᠠᠷᠪᠠᠨ ᠭᠤᠷᠪᠠ︶ ᠵᠢᠨᠢᠩ ᠲᠣᠭᠤᠷᠢᠭ ᠤᠨ ᠲᠣᠮᠣ ᠳ᠋ᠠᠶᠢᠲ᠋ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ᠭᠠᠳᠠᠭᠠᠳᠤ ᠬᠠᠷᠢᠯᠴᠠᠭ᠎ᠠ ᠬᠢᠭᠡᠳ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠤᠷᠪᠢᠨ ᠲᠣᠭᠲᠠᠭᠠᠨ᠎ᠠ᠃ ᠤᠯᠤᠰ ᠤᠨ ᠭᠠᠳᠠᠭᠠᠳᠤ ᠳᠣᠲᠣᠭᠠᠳᠤ ᠶᠢᠨ ᠲᠤᠮᠤ ᠳ᠋ᠠᠶᠢᠲ᠋ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠣᠮᠣ ᠳ᠋ᠠᠶᠢᠲ᠋ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠡᠯᠭᠡᠨ ᠪᠣᠷᠣᠯᠠᠭᠤᠯᠬᠤ  ᠠᠵᠢᠯᠯᠠᠭ᠎ᠠ ᠶᠢ ᠳᠠᠭᠠᠭᠠᠨ ᠡᠷᠬᠢᠯᠡᠵᠦ᠂ ᠲᠣᠮᠣ ᠳ᠋ᠠᠶᠢᠲ᠋ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠤᠮᠤ ᠳ᠋ᠠᠶᠢᠲ᠋ᠠ ᠶᠢᠨ ᠬᠦᠷᠢᠶᠡᠨ ᠤ ᠠᠵᠢᠯ ᠲᠦᠷᠦᠯ  ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠯᠪᠣᠭᠠᠨ ᠤ ᠪᠠᠶᠢᠭᠤᠯᠤᠮᠵᠢ ᠶᠢᠨ ᠠᠵᠢᠯ ᠢ ᠵᠢᠯᠤᠭᠤᠳᠤᠨ᠎ᠠ᠃            ︵ᠠᠷᠪᠠᠨ  ᠳᠦᠷᠪᠡ︶ ᠭᠠᠳᠠᠭᠠᠳᠤ ᠶᠢᠨ ᠣᠶᠤᠨ ᠮᠡᠳᠡᠯᠭᠡ ᠶᠢ ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠨ᠎ᠠ᠃ ᠵᠢᠨᠢᠩ ᠲᠣᠭᠤᠷᠢᠭ ᠤᠨ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠶ ᠲᠦᠯᠦᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠦ ᠶᠢᠨ ᠲᠤᠰᠬᠠᠶ ᠮᠡᠷᠭᠡᠵᠢᠯᠲᠡᠨ ᠤ ᠪᠦᠯᠬᠦᠮ ᠤᠨ ᠲᠡᠳᠡᠨ ᠴᠤᠭᠯᠠᠷᠠᠭᠤᠯᠬᠤ ᠲᠣᠭᠲᠠᠴᠠ ᠪᠣᠯᠤᠨ ᠭᠤᠤᠯᠳᠠᠯᠭ᠎ᠠ  ᠎ ᠲᠠᠢ  ᠭᠠᠳᠠᠭᠠᠳᠤ ᠶᠢᠨ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠦᠶᠯᠡᠴᠢᠯᠡᠬᠦ ᠲᠣᠭᠲᠠᠴᠠ ᠶᠢ ᠪᠠᠶᠢᠭᠤᠯᠬᠤ ᠶᠢ  ᠠᠬᠢᠭᠤᠯᠤᠨ᠎ᠠ᠃           ︵ᠠᠷᠪᠠᠨ ᠲᠠᠪᠤ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠶᠯᠡᠳᠪᠦᠷᠢᠯᠡᠯ ᠵᠢᠴᠢ ᠵᠥᠷᠢᠴᠡᠯ ᠢ ᠠᠷᠢᠯᠭᠠᠬᠤ᠂ ᠵᠠᠬᠢᠳᠠᠯ  ᠰᠤᠷᠪᠤᠯᠵᠢᠯᠠᠭ᠎ᠠ ᠪᠠ ᠲᠣᠭᠲᠠᠭᠤᠨ  ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃           ︵ᠠᠷᠪᠠᠨ ᠵᠢᠷᠭᠤᠭ᠎ᠠ︶  ᠲᠤᠭᠤᠷᠢᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ  ᠡᠭᠦᠷᠭᠡ ᠶᠢ ᠪᠡᠶᠡᠯᠡᠭᠦᠯᠦᠨ᠎ᠡ᠃               ᠪᠠᠶᠢᠭ᠎ᠠ ᠭᠠᠵᠠᠷ  ᠄ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ  ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ B ᠲᠣᠭᠤᠷᠢᠭ ᠤᠨ 3 ᠳ᠋ᠤᠭᠠᠷ ᠠᠰᠠᠷ ᠤᠨ  ᠨᠢᠭᠡᠳᠦᠭᠡᠷ ᠳᠠᠪᠬᠤᠷᠭ᠎ᠠ ᠶᠢᠨ  ᠪᠠᠷᠠᠭᠤᠨ ᠲᠠᠯ᠎ᠠ᠃          ᠠᠯᠪᠠᠨ ᠭᠡᠷ ᠤᠨ ᠤᠲᠠᠰᠤ᠄ 0474--8188824
 
ᠢᠷᠡᠯᠲᠡ᠄ ᠵᠢᠨᠢᠩ ᠲᠤᠭᠤᠷᠢᠭ  ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2