ᠺᠠᠩ ᠬᠠᠶ ᠷᠦᠢ ᠮᠠᠨ ᠤ ᠲᠤᠭᠤᠷᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/10/8
     10 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠮᠠᠨ ᠤ  ᠲᠤᠭᠤᠷᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃     ᠺᠠᠩ ᠬᠠᠶ ᠷᠦᠢ ᠤᠷᠢᠳ ᠬᠤᠵᠢᠳ ᠴᠠᠬᠠᠷ  ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠸᠠ ᠨᠢᠩ  ᠲᠤᠰᠠᠭᠠᠷᠯᠠᠬᠤ ᠥᠷᠲᠡᠭᠡ᠂ ᠵᠢᠩ ᠿᠤ᠋ ︵ᠤᠯᠠᠭᠠᠨᠴᠠᠪ︶᠎ ᠶᠢᠨ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠫᠦ᠋ ᠶᠤᠸᠠᠨ ᠢᠯᠴᠢ ᠶᠢᠨ ᠬᠦᠴᠦᠨ ᠤ ᠦᠶᠯᠡᠳᠪᠦᠷᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠪᠠ ᠨᠡᠭᠦᠷᠡᠰᠦ ᠰᠢᠲᠠᠭᠠᠵᠤ ᠬᠤᠳᠠᠯᠳᠤᠨ ᠠᠪᠴᠤ ᠨᠥᠭᠡᠴᠡᠯᠡᠬᠦ ᠵᠡᠷᠭᠡ ᠢᠯᠴᠢ ᠬᠠᠩᠭᠠᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠠᠵᠤ ᠠᠬᠤᠶᠢᠯᠠᠯ ᠤᠨ ᠢᠯᠴᠢ ᠬᠠᠩᠭᠠᠬᠤ ᠲᠠᠯᠠᠪᠠᠶ᠂ ᠢᠯᠴᠢ ᠬᠠᠩᠭᠠᠬᠤ ᠴᠢᠳᠠᠪᠤᠷᠢ ᠵᠢᠴᠢ ᠠᠶᠤᠯ ᠥᠬᠡᠶ ᠦᠶᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃    ᠺᠠᠩ ᠬᠠᠶ ᠷᠦᠢ ᠬᠡᠯᠡᠬᠦ ᠳᠡᠭᠡᠨ᠂ ᠡᠪᠦᠯ ᠤᠨ ᠤᠯᠠᠷᠢᠯ ᠤᠨ ᠳᠤᠯᠠᠭᠠᠯᠭ᠎ᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠢᠷᠭᠡᠳ ᠤᠨ ᠳᠤᠯᠠᠭᠠᠨ ᠡᠪᠦᠯᠵᠢᠬᠦ ᠳᠤ ᠬᠤᠯᠪᠣᠭᠳᠠᠵᠤ ᠪᠠᠶᠢᠳᠠᠭ᠂ ᠡᠨᠡ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠳ ᠢᠯᠴᠢ ᠬᠠᠩᠭᠠᠬᠤ ᠡᠯ᠎ᠡ ᠵᠦᠶᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠨᠠᠷᠢᠨ ᠨᠢᠮᠪᠠᠶ ᠰᠠᠶᠢᠲᠤᠷ ᠬᠢᠵᠦ᠂ ᠢᠯᠴᠢ ᠬᠠᠩᠭᠠᠬᠤ ᠲᠥᠬᠦᠭᠡᠷᠦᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠨ᠂ ᠢᠯᠴᠢ ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠴᠢ ᠬᠠᠩᠭᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠦᠨᠡᠨᠬᠦ ᠨᠠᠷᠢᠯᠢᠭ ᠪᠣᠳᠠᠲᠠᠶ ᠪᠠᠷ ᠠᠳᠬᠤᠵᠤ᠂ ᠥᠷᠭᠡᠨ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃    ᠯᠢ ᠺᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2