ᠵᠠᠩ ᠶᠦᠩ ᠸᠧᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠭᠤᠣᠯ ᠰᠡᠳᠦᠪᠲᠦ ᠬᠥᠮᠦᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/11/1
705470.jpg
     10 ᠰᠠᠷ᠎ᠠ ᠶᠢᠨ 31᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠦᠨᠳᠦᠰᠦᠨ ᠱᠠᠲᠤᠨ ᠳᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠵᠠᠩ ᠶᠦᠩ ᠸᠧᠨ ᠬᠤ᠋ ᠱᠠᠨ ᠵᠡᠭᠡᠯᠢ ᠭᠤᠳᠤᠮᠵᠢ ᠶᠢᠨ ᠬᠤ᠋ ᠱᠠᠨ ᠵᠡᠭᠦᠨ ᠵᠠᠮ ᠎ ᠤᠨ ᠪᠠᠶᠢᠰᠢᠩ ᠰᠠᠭᠤᠭᠠᠯᠢ ᠲᠣᠭᠤᠷᠢᠭ᠂ ᠰᠢᠨ ᠴᠧᠩ ᠨᠡᠶᠢᠭᠡᠮ ᠲᠣᠭᠤᠷᠢᠭ ᠤᠨ ᠴᠢᠯᠠᠭᠤᠨ ᠲᠤᠰᠤᠨ ᠤ ᠭᠡᠷ ᠪᠦᠯᠢ ᠶᠢᠨ ᠠᠰᠠᠷ᠂ ᠴᠠᠩ ᠴᠢᠩ ᠵᠡᠭᠡᠯᠢ ᠭᠤᠳᠤᠮᠵᠢ ᠶᠢᠨ ᠵᠢᠢ ᠰᠢᠶᠠᠩ ᠶᠤᠸᠠᠨ ᠰᠠᠭᠤᠭᠠᠯᠢ ᠲᠣᠭᠤᠷᠢᠭ ᠲᠤ ᠬᠦᠷᠴᠦ᠂ ᠠᠰᠠᠭᠤᠳᠠᠯ ᠤᠨ ᠲᠤᠬᠠᠢ ᠶᠢᠨ ᠲᠠᠯᠠᠪᠠᠢ ᠪᠣᠯᠤᠨ ᠤᠯᠠᠨ ᠲᠦᠮᠡᠨ ᠤ ᠭᠡᠷ ᠲᠤ ᠭᠦᠨᠵᠡᠭᠡᠶᠢᠷᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠣᠨᠣᠰᠴᠤ᠂ ᠲᠥᠪᠯᠡᠷᠡᠭᠦᠯᠦᠨ ᠢᠯᠴᠢ ᠬᠠᠩᠭᠠᠬᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠠᠯᠪᠠᠯᠠᠨ ᠰᠢᠢᠳᠪᠦᠷᠢᠯᠡᠪᠡ᠃      ᠵᠠᠩ ᠶᠦᠩ ᠸᠧᠨ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠣᠳᠣᠬᠠᠨ ᠳᠤ ᠭᠤᠣᠯ ᠰᠡᠳᠦᠪᠲᠦ ᠬᠥᠮᠦᠵᠢᠯ ᠢ ᠶᠠᠭ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ ᠪᠤᠢ᠃ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠬᠦᠰᠡᠵᠦ ᠪᠠᠶᠢᠭ᠎ᠠ᠂ ᠠᠷᠠᠳ ᠤᠨ ᠰᠡᠳᠬᠢᠯ ᠤᠨ ᠬᠠᠨᠳᠤᠰᠢ ᠶᠢᠨ ᠠᠰᠠᠭᠤᠳᠠᠯ ᠢ ᠴᠢᠩᠭ᠎ᠠ ᠠᠩᠬᠠᠷᠴᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠵᠥᠷᠢᠴᠡᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃     ᠵᠠᠩ ᠶᠦᠩ ᠸᠧᠨ ᠨᠠᠷ ᠴᠠᠩ ᠴᠢᠩ ᠵᠡᠭᠡᠯᠢ ᠶᠢᠨ ᠵᠢᠶᠠ ᠮᠧᠢ ᠨᠡᠶᠢᠭᠡᠮ ᠲᠣᠭᠤᠷᠢᠭ ᠲᠤ ᠬᠦᠷᠴᠦ᠂ ᠭᠤᠣᠯ ᠰᠡᠳᠦᠪᠲᠦ ᠬᠥᠮᠦᠵᠢᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠲᠡᠷᠡ ᠬᠡᠯᠡᠬᠦ ᠳᠡᠭᠡᠨ᠂ ᠨᠡᠶᠢᠭᠡᠮ ᠲᠣᠭᠤᠷᠢᠭ ᠪᠣᠯ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ ᠦᠶᠯᠡᠴᠢᠯᠡᠬᠦ ᠬᠠᠮᠤᠭ ᠤᠨ ᠡᠮᠦᠨ᠎ᠡ ᠹᠷᠣᠨᠲ ᠮᠥᠨ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠶᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠡᠶ᠃ ᠬᠠᠷᠢᠶ᠎ᠠ ᠣᠷᠣᠨ ᠤ ᠨᠠᠮ ᠤᠨ ᠭᠡᠰᠢᠭᠦᠨ ᠤ ᠪᠠᠶᠢᠳᠠᠯ ᠢ ᠲᠣᠳᠣᠷᠬᠠᠢ ᠣᠶᠢᠯᠠᠭᠠᠵᠤ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠬᠡᠯᠪᠡᠷᠢ ᠶᠢ ᠰᠢᠯᠢᠳᠡᠭᠵᠢᠭᠦᠯᠵᠦ᠂ ᠰᠤᠷᠤᠯᠴᠠᠯᠭ᠎ᠠ ᠶᠢ ᠪᠦᠬᠦᠨ ᠢ ᠬᠠᠮᠤᠷᠬᠤ ᠶᠢ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠡᠮᠬᠢᠯᠡᠨ ᠬᠤᠷᠢᠶᠠᠩᠭᠤᠶᠢᠯᠠᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ  ᠠᠪᠴᠤ᠂ ᠳᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ ᠪᠠᠶᠢᠭᠠᠳ ᠰᠢᠢᠳᠪᠦᠷᠢᠯᠡᠬᠦ ᠶᠢ ᠠᠬᠢᠭᠤᠯᠵᠤ᠂ ᠰᠠᠶᠢᠨ ᠶᠠᠪᠤᠳᠠᠯ ᠢ ᠪᠣᠳᠠᠲᠠᠢ ᠬᠢᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠪᠠᠷ ᠬᠦᠴᠦᠯᠡᠵᠦ᠂ ᠤᠯᠠᠨ ᠲᠦᠮᠡᠨ ᠳᠤ ᠭᠤᠣᠯ ᠰᠡᠳᠦᠪᠲᠦ ᠬᠥᠮᠦᠵᠢᠯ ᠠᠴᠠ ᠪᠣᠯᠤᠭᠰᠠᠨ ᠰᠢᠨ᠎ᠡ ᠬᠤᠪᠢᠷᠠᠯᠲᠠ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃       ᠵᠠᠩ ᠱᠦᠨ ᠯᠢ᠂ ᠵᠠᠩ ᡁᠢ ᠷᠦᠩ ᠵᠢᠴᠢ ᠬᠤᠯᠪᠣᠭᠳᠠᠯ ᠪᠦᠬᠦᠢ ᠵᠡᠭᠡᠯᠢ ᠭᠤᠳᠤᠮᠵᠢ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2