ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠣᠬᠢᠶᠠᠨ ᠪᠠᠶᠢᠭᠤᠯᠵᠤ 800 ᠭᠠᠷᠤᠢ ᠺᠢᠯᠣᠭ᠍ᠷᠠᠮ ᠤᠨ ᠬᠤᠭᠤᠴᠠᠭ᠎ᠠ ᠥᠩᠭᠡᠷᠡᠭᠡᠳ ᠬᠦᠴᠦᠨ ᠦᠭᠡᠢ ᠪᠣᠯᠤᠭᠰᠠᠨ ᠡᠮ ᠤᠨ ᠵᠦᠢᠯ ᠢ ᠲᠥᠪᠯᠡᠷᠡᠭᠦᠯᠦᠨ ᠤᠰᠠᠳᠬᠠᠪᠠ
ᠨᠡᠶᠢᠲᠡᠯᠡᠭᠰᠡᠨ ᠴᠠᠭ᠄
2023/11/10
      ᠡᠮ ᠤᠨ ᠵᠦᠶᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 7᠎ ᠤ ᠡᠳᠦᠷ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶᠠᠲᠤ ᠣᠷᠣᠨ ᠤ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠠ ᠡᠮᠴᠢᠯᠡᠭᠡᠨ ᠤ ᠪᠠᠶᠢᠭᠤᠯᠤᠮᠵᠢ ᠠᠴᠠ ᠬᠤᠷᠢᠶᠠᠨ ᠠᠪᠤᠭᠰᠠᠨ ᠬᠤᠭᠤᠴᠠᠭ᠎ᠠ ᠨᠢ ᠥᠩᠭᠡᠷᠡᠭᠡᠳ ᠬᠦᠴᠦᠨ ᠥᠬᠡᠶ ᠪᠣᠯᠤᠭᠰᠠᠨ ᠡᠮ ᠤᠨ ᠵᠦᠶᠯ ᠢ ᠲᠥᠪᠯᠡᠷᠡᠭᠦᠯᠦᠨ ᠬᠤᠤᠷ ᠥᠬᠡᠶ ᠪᠣᠯᠭᠠᠨ ᠤᠰᠠᠳᠬᠠᠵᠤ ᠰᠢᠢᠳᠪᠦᠷᠢᠯᠡᠪᠡ᠃       ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠶᠯ ᠢ ᠤᠰᠠᠳᠬᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠠᠷᠢᠶ᠎ᠠ ᠣᠷᠣᠨ ᠤ ᠪᠠᠨ ᠡᠮ ᠤᠨ ᠵᠦᠶᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠠ ᠡᠮᠴᠢᠯᠡᠭᠡᠨ ᠤ ᠪᠠᠶᠢᠭᠤᠯᠤᠮᠵᠢ ᠲᠠᠢ ᠤᠷᠢᠳᠴᠢᠯᠠᠨ ᠬᠠᠷᠢᠯᠴᠠᠵᠤ᠂ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠶᠯ ᠢ ᠪᠦᠷᠢᠳᠬᠡᠨ ᠡᠮᠬᠢᠯᠡᠵᠦ᠂ ᠪᠦᠷᠢᠳᠬᠡᠨ ᠳᠡᠩᠰᠡᠯᠡᠵᠦ᠂ ᠬᠦᠨᠳᠦ ᠶᠢ ᠨᠢ ᠬᠡᠮᠵᠢᠨ᠂ ᠬᠠᠮᠢᠶ᠎ᠠ ᠪᠥᠬᠦᠶ ᠬᠢᠷᠢ ᠬᠡᠮ ᠲᠠᠢ ᠤᠰᠠᠳᠬᠠᠬᠤ ᠠᠵᠤ ᠠᠬᠤᠶᠢᠯᠠᠯ ᠲᠠᠢ ᠬᠠᠷᠢᠯᠴᠠᠵᠤ᠂ ᠬᠠᠶᠢᠷᠴᠠᠭ ᠲᠤ ᠲᠥᠪᠯᠡᠷᠡᠭᠦᠯᠦᠨ ᠰᠠᠪᠠᠯᠠᠵᠤ ᠳᠠᠮᠵᠢᠭᠤᠯᠤᠨ ᠲᠡᠭᠡᠭᠡᠪᠦᠷᠢᠯᠡᠵᠦ᠂ ᠨᠢᠭᠡᠳᠦᠯᠲᠡᠶ ᠬᠤᠤᠷ ᠥᠬᠡᠶ ᠪᠣᠯᠭᠠᠨ ᠤᠰᠠᠳᠬᠠᠪᠠ᠃ ᠨᠢᠭᠡᠳᠦᠭᠡᠷ ᠪᠦᠯᠦᠭ ᠲᠤ ᠨᠡᠶᠢᠲᠡ 119 ᠬᠠᠶᠢᠷᠴᠠᠭ ᠬᠤᠭᠤᠴᠠᠭ᠎ᠠ ᠥᠩᠭᠡᠷᠡᠭᠰᠡᠨ ᠡᠮ ᠤᠨ ᠵᠦᠶᠯ ᠢ ᠲᠥᠪᠯᠡᠷᠡᠭᠦᠯᠦᠨ ᠤᠰᠠᠳᠬᠠᠵᠤ᠂ ᠴᠡᠪᠡᠷ ᠬᠦᠨᠳᠦ ᠨᠢ 821.02 ᠺᠢᠯᠣᠭ᠍ᠷᠠᠮ ᠪᠣᠯᠤᠨ᠎ᠠ᠃       ᠵᠠᠯᠭᠠᠭᠠᠳ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠭᠤᠴᠠᠭ᠎ᠠ ᠥᠩᠭᠡᠷᠡᠭᠰᠡᠨ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠭᠤᠴᠠᠭ᠎ᠠ ᠥᠩᠭᠡᠷᠡᠭᠰᠡᠨ ᠪᠠ ᠬᠦᠴᠦᠨ ᠥᠬᠡᠶ ᠪᠣᠯᠤᠭᠰᠠᠨ ᠡᠮ ᠤᠨ ᠵᠦᠶᠯ ᠢ ᠵᠠᠯᠭᠠᠭᠠᠪᠡᠷ ᠬᠤᠷᠢᠶᠠᠨ ᠠᠪᠴᠤ᠂ ᠬᠤᠤᠷ ᠥᠬᠡᠶ ᠪᠣᠯᠭᠠᠨ ᠤᠰᠠᠳᠬᠠᠵᠤ ᠰᠢᠶᠳᠪᠦᠷᠢᠯᠡᠬᠦ ᠶᠢ ᠲᠥᠪᠯᠡᠷᠡᠭᠦᠯᠦᠨ ᠶᠠᠪᠤᠭᠳᠠᠭᠤᠯᠤᠨ᠎ᠠ᠃ ᠡᠭᠦᠨ ᠤ ᠬᠠᠮᠲᠤ᠂ ᠬᠠᠤᠯᠢ ᠪᠤᠰᠤ ᠪᠠᠷ ᠡᠮ ᠤᠨ ᠵᠦᠶᠯ ᠢ ᠬᠤᠷᠢᠶᠠᠨ ᠠᠪᠴᠢᠷᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠭᠤᠷᠮᠠᠭ ᠮᠠᠭᠤ ᠡᠮ ᠤᠨ ᠵᠦᠶᠯ ᠤᠨ ᠬᠠᠤᠯᠢ ᠶᠣᠰᠣᠨ ᠤ ᠠᠷᠭ᠎ᠠ ᠵᠠᠮ ᠳᠤ ᠣᠷᠣᠬᠤ ᠶᠢ ᠰᠡᠷᠭᠡᠶᠢᠯᠡᠨ ᠬᠤᠷᠢᠭᠯᠠᠵᠤ᠂ ᠡᠮ ᠤᠨ ᠵᠦᠶᠯ ᠤᠨ ᠡᠵᠡᠩᠨᠡᠯᠲᠡ ᠶᠢᠨ ᠠᠮᠤᠷ ᠲᠦᠪᠰᠢᠨ ᠵᠠᠬ᠎ᠠ ᠳᠡᠯᠭᠡᠭᠦᠷ ᠢ ᠪᠣᠶ ᠪᠣᠯᠭᠠᠨ᠎ᠠ᠃                                                      ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2