ᠵᠢᠨᠢᠩ ᠲᠣᠭᠤᠷᠢᠭ ᠤᠨ ᠠᠮᠢᠲᠠᠨ ᠤ ᠬᠢᠵᠢᠭ ᠢ ᠰᠡᠷᠭᠡᠶᠢᠯᠡᠬᠦ ᠦᠶᠯᠡᠴᠢᠯᠡᠭᠡᠨ ᠤ ᠲᠥᠪ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2023/11/10
       ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠪᠠ ᠲᠡᠵᠢᠭᠡᠨ ᠦᠷᠡᠵᠢᠭᠦᠯᠬᠦ ᠦᠶᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠮᠠᠯ ᠵᠢᠭᠦᠷᠲᠡᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠪᠠ ᠬᠤᠤᠷ ᠥᠬᠡᠶ ᠪᠣᠯᠭᠠᠨ ᠰᠢᠶᠳᠪᠦᠷᠢᠯᠡᠬᠦ ᠵᠢᠷᠤᠮ ᠢ ᠲᠡᠭᠦᠯᠳᠡᠷᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠶᠢᠷ᠎ᠠ ᠳᠤ᠂ ᠵᠢᠨᠢᠩ ᠲᠣᠭᠤᠷᠢᠭ ᠤᠨ ᠠᠮᠢᠲᠠᠨ ᠤ ᠬᠢᠵᠢᠭ ᠢ ᠰᠡᠷᠭᠡᠶᠢᠯᠡᠬᠦ ᠦᠶᠯᠡᠴᠢᠯᠡᠭᠡᠨ ᠤ ᠲᠥᠪ ᠤᠨ ᠠᠵᠢᠯᠲᠠᠨ ᠬᠠᠷᠢᠶᠠᠲᠤ ᠣᠷᠣᠨ ᠤ ᠪᠠᠨ ᠮᠠᠯ ᠵᠢᠭᠦᠷᠲᠡᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠪᠡ᠃        ᠲᠤᠰ ᠤᠳᠠᠭᠠᠨ ᠤ ᠬᠢᠨᠠᠨ ᠪᠠᠶᠢᠴᠠᠭᠠᠬᠤ ᠠᠵᠢᠯᠯᠠᠭ᠎ᠠ ᠳᠤ᠂ ᠬᠠᠷᠢᠶᠠᠲᠤ ᠣᠷᠣᠨ ᠤ ᠳᠣᠲᠣᠷᠠᠬᠢ ᠮᠠᠯ ᠵᠢᠭᠦᠷᠲᠡᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠢ ᠲᠠᠭᠯᠠᠨ ᠪᠢᠴᠢᠭᠰᠡᠨ ᠨᠢ ᠵᠢᠷᠤᠮᠵᠢᠯ ᠲᠠᠢ ᠪᠠᠶᠢᠬᠤ ᠡᠰᠡᠬᠦ᠂ ᠠᠮᠢᠲᠠᠨ ᠤ ᠪᠠᠭᠠᠰᠤ ᠰᠢᠭᠡᠰᠦ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠭᠰᠡᠨ ᠡᠰᠡᠬᠦ᠂ ᠠᠮᠢᠲᠠᠨ ᠤ ᠬᠢᠵᠢᠭ ᠢ ᠰᠡᠷᠭᠡᠶᠢᠯᠡᠬᠦ ᠴᠠᠷᠤᠯᠲᠠ ᠪᠠ ᠠᠷᠢᠭᠤᠳᠬᠠᠬᠤ ᠠᠷᠭ᠎ᠠ ᠬᠡᠮᠵᠢᠶ᠎ᠡ ᠨᠢ ᠪᠦᠷᠢᠨ ᠲᠡᠭᠦᠯᠳᠡᠷ ᠪᠠᠶᠢᠬᠤ ᠡᠰᠡᠬᠦ᠂ ᠮᠠᠯ ᠤᠨ ᠡᠮ ᠲᠡᠵᠢᠭᠡᠬᠦ ᠪᠠ ᠬᠡᠷᠡᠭᠯᠡᠬᠦ ᠡᠮ ᠨᠢ ᠲᠣᠭᠲᠠᠭᠠᠯ ᠳᠤ ᠨᠡᠶᠢᠴᠡᠬᠦ ᠡᠰᠡᠬᠦ᠂ ᠠᠶᠤᠯ ᠥᠬᠡᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠠᠮᠢᠲᠠᠨ ᠢ ᠬᠤᠤᠷ ᠥᠬᠡᠶ ᠪᠣᠯᠭᠠᠨ ᠰᠢᠶᠳᠪᠦᠷᠢᠯᠡᠬᠦ ᠲᠠᠰ ᠳᠠᠷᠠᠭᠠᠯᠠᠯ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠲᠠᠯ᠎ᠠ ᠳᠤ ᠭᠤᠤᠯᠳᠠᠯᠭ᠎ᠠ ᠲᠠᠢ ᠪᠠᠷ ᠪᠥᠬᠦ ᠲᠠᠯ᠎ᠠ ᠪᠠᠷ ᠬᠢᠨᠠᠯᠲᠠ ᠲᠠᠯᠪᠢᠵᠤ  ᠪᠠᠶᠢᠴᠠᠭᠠᠪᠠ᠃ ᠲᠡᠷᠡᠴᠢᠯᠡᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠯᠠᠭ᠎ᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ ᠠᠮᠢᠲᠠᠨ ᠤ ᠬᠢᠵᠢᠭ ᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠠᠮᠢᠲᠠᠨ ᠢ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭᠠᠬᠤ ᠬᠢᠵᠢᠭ ᠤᠨ ᠪᠠᠶᠢᠴᠠᠭᠠᠯᠲᠠ ᠶᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠪᠡ᠃ ᠡᠭᠦᠨ ᠤ ᠵᠡᠷᠭᠡ ᠳᠤ᠂ ᠮᠠᠨ ᠤ ᠲᠥᠪ ᠤᠨ ᠠᠵᠢᠯᠲᠠᠳ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠢᠯᠡ ᠨᠡᠶᠢᠲᠡᠯᠡᠬᠦ ᠪᠤᠯᠤᠩ ᠲᠠᠷᠬᠠᠭᠠᠬᠤ ᠶᠢᠨ ᠬᠠᠮᠲᠤ ᠫᠠᠶᠢᠰᠠ ᠡᠯᠭᠦᠵᠦ᠂ ᠢᠯᠡ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠶᠢᠨ ᠵᠠᠭᠪᠤᠷ ᠢ ᠴᠢᠩᠭᠠᠳᠬᠠᠪᠠ᠃        ᠲᠣᠰ ᠤᠳᠠᠭ᠎ᠠ ᠨᠡᠶᠢᠲᠡ 15 ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠠᠶᠢᠴᠠᠭᠠᠪᠠ᠃ ᠳᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠠᠮᠢᠲᠠᠨ ᠤ ᠬᠢᠵᠢᠭ ᠢ ᠰᠡᠷᠭᠡᠶᠢᠯᠡᠬᠦ ᠦᠢᠯᠡᠴᠢᠯᠡᠭᠡᠨ ᠤ ᠲᠥᠪ ᠤᠨ ᠬᠢᠨ ᠬᠠᠷᠢᠶ᠎ᠠ ᠣᠷᠣᠨ ᠤ ᠪᠠᠨ ᠮᠠᠯ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠳᠤ ᠬᠢᠨᠠᠯᠲᠠ ᠲᠠᠯᠪᠢᠵᠤ ᠪᠠᠶᠢᠴᠠᠭᠠᠬᠤ ︽ᠡᠷᠭᠢᠵᠦ ᠬᠠᠷᠠᠬᠤ︾ ᠠᠵᠢᠯ ᠢᠶᠠᠨ ᠴᠢᠨᠠᠭᠰᠢᠳᠠ ᠴᠢᠩᠭᠠᠳᠬᠠᠬᠤ ᠪᠠᠷ ᠪᠠᠶᠢᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠠᠮᠢ ᠠᠬᠤᠶᠢᠵᠢᠭᠤᠯᠤᠨ ᠵᠠᠰᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠩᠭᠤᠶ ᠪᠠᠷ ᠬᠥᠭᠵᠢᠬᠦ ᠶᠢ ᠦᠨᠡᠨᠬᠦ ᠪᠠᠲᠤᠯᠠᠵᠤ᠂ ᠬᠠᠷᠢᠶᠠᠲᠤ ᠣᠷᠣᠨ ᠤ ᠡᠷᠡᠭᠦᠯ᠂ ᠪᠣᠬᠢᠷᠲᠤᠯ ᠥᠬᠡᠶ᠂ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠬᠥᠭᠵᠢᠯᠲᠡ ᠯᠦᠭᠡ ᠵᠣᠬᠢᠴᠠᠭᠰᠠᠨ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠢ ᠪᠣᠶ ᠪᠣᠯᠭᠠᠨ᠎ᠠ᠃                                     ᠣᠷᠴᠢᠭᠤᠯᠤᠭᠴᠢ᠄  ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2