ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠯᠢᠨ ᠴᠢᠶᠣᠤ ᠰᠢ ᠵᠡᠭᠡᠯᠢ ᠭᠤᠳᠤᠮᠵᠢ ᠶᠢᠨ ᠤᠢ ᠰᠢᠭᠤᠢ ᠶᠢ ᠲᠣᠭᠤᠷᠢᠨ ᠪᠠᠶᠢᠴᠠᠭᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/10
       11 ᠰᠠᠷ᠎ᠠ ᠶᠢᠨ 7᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠯᠢᠨ ᠨᠥᠬᠦᠷ ᠪᠦᠯᠬᠦᠮ ᠳᠠᠭᠠᠭᠤᠯᠤᠨ ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠲᠣᠭᠤᠷᠢᠭ ᠲᠤ ᠭᠦᠨᠵᠡᠭᠡᠶᠢᠷᠡᠨ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ ᠃ ᠴᠢᠶᠣᠤ ᠰᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ ᠵᠠᠩ ᠰᠢᠶᠤᠤ ᠾᠦᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠭᠦᠸᠧ ᠵᠢᠶᠠᠨ ᠳ᠋ᠦᠩ ᠪᠠᠶᠢᠴᠠᠭᠠᠨ ᠰᠤᠳᠤᠯᠤᠯᠲᠠ ᠵᠢᠴᠢ ᠤᠢ ᠰᠢᠭᠤᠢ ᠶᠢ ᠲᠣᠭᠤᠷᠢᠨ ᠪᠠᠶᠢᠴᠠᠭᠠᠬᠤ ᠳᠤ ᠣᠷᠣᠯᠴᠠᠪᠠ᠃        ᠯᠢ ᠯᠢᠨ ᠲᠣᠭᠤᠷᠢᠭ ᠤᠨ ᠳᠡᠳ᠋ ᠳᠠᠷᠤᠭ᠎ᠠ ᠤᠷᠢᠳ ᠬᠤᠵᠢᠳ ᠰᠢᠶᠤᠤ ᠰᠢ ᠱᠠᠨ ᠵᠡᠷᠭᠡ ᠣᠶᠢᠲᠤ ᠭᠠᠵᠠᠷ ᠡᠪᠡᠰᠦᠲᠦ ᠭᠠᠵᠠᠷ ᠢ ᠪᠠᠶᠢᠴᠠᠭᠠᠨ ᠦᠵᠡᠭᠰᠡᠨ ᠪᠥᠭᠡᠳ ᠠᠵᠢᠯ ᠤᠨ ᠱᠠᠭᠠᠷᠳᠠᠯᠭ᠎ᠠ ᠳᠤᠷᠠᠳᠴᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠤᠶᠠᠷ ᠱᠠᠲᠤᠨ ᠤ ᠣᠶ ᠰᠢᠭᠤᠶ ᠶᠢᠨ ᠳᠠᠷᠤᠭ᠎ᠠ ᠶᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠂ ᠨᠠᠩ ᠴᠤ ᠠᠳᠠᠯᠢ ᠪᠤᠰᠤ ᠴᠠᠭ ᠬᠤᠭᠤᠴᠠᠭᠠᠨ ᠤ ᠭᠤᠤᠯ ᠠᠵᠢᠯ ᠢ ᠦᠨᠳᠦᠰᠦᠯᠡᠨ ᠣᠶ ᠰᠢᠭᠤᠶ ᠶᠢ ᠲᠣᠭᠤᠷᠢᠨ ᠪᠠᠶᠢᠴᠠᠭᠠᠬᠤ ᠭᠤᠤᠯᠳᠠᠯᠭ᠎ᠠ ᠪᠠᠨ ᠲᠣᠳᠣᠷᠬᠠᠶᠢᠯᠠᠵᠤ᠂ ᠣᠶ ᠰᠢᠭᠤᠶ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠬᠦ ᠬᠡᠷᠡᠭᠲᠡᠶ ᠭᠡᠵᠡᠶ᠃ ᠡᠭᠦᠨ ᠤ ᠬᠠᠮᠲᠤ ᠡᠳᠦᠷ ᠳᠤᠳᠤᠮ ᠤᠨ ᠠᠵᠢᠯ ᠤᠨ ᠳᠤᠮᠳᠠ ᠪᠠᠨ ᠥᠷᠭᠡᠨ ᠢᠶᠠᠷ ᠤᠬᠠᠭᠤᠯᠵᠤ᠂ ᠲᠣᠭᠤᠷᠢᠨ ᠬᠠᠮᠠᠭᠠᠯᠠᠬᠤ ᠬᠥᠮᠦᠰ ᠪᠣᠯᠤᠨ ᠲᠣᠭᠤᠷᠢᠨ ᠬᠠᠮᠠᠭᠠᠯᠠᠬᠤ ᠤᠳᠠᠭ᠎ᠠ ᠶᠢ ᠨᠡᠮᠡᠭᠳᠡᠭᠦᠯᠵᠦ᠂ ᠤᠢ ᠰᠢᠭᠤᠢ ᠶᠢᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠦᠵᠡᠰᠬᠦᠯᠡᠩᠲᠦ ᠰᠠᠶᠢᠬᠠᠨ ᠵᠢᠨᠢᠩ ᠢ ᠪᠦᠳᠦᠬᠡᠨ ᠪᠠᠶᠢᠭᠤᠯᠬᠤ ᠳᠤ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠵᠠᠩ ᠰᠢᠶᠤᠤ ᠾᠦᠢ ᠢᠯᠡᠷᠬᠡᠶᠢᠯᠡᠬᠦ ᠳᠡᠭᠡᠨ᠂ ᠵᠡᠭᠡᠯᠢ ᠭᠤᠳᠤᠮᠵᠢ ᠶᠢᠨ ᠬᠢᠨ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠣᠶᠢᠲᠤ ᠭᠠᠵᠠᠷ ᠡᠪᠡᠰᠦᠲᠦ ᠭᠠᠵᠠᠷ ᠢ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠪᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠶᠳᠪᠦᠷᠢᠯᠡᠬᠦ ᠶᠢᠨ ᠬᠠᠮᠲᠤ ᠳᠡᠭᠡᠭᠰᠢ ᠮᠡᠳᠡᠭᠦᠯᠦᠨ᠎ᠡ︔ ᠤᠢ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠎ ᠶᠢᠨ ᠡᠷᠴᠢᠮ ᠢ ᠨᠡᠮᠡᠭᠳᠡᠭᠦᠯᠦᠨ᠂ ᠥᠷᠭᠡᠨ ᠤᠯᠠᠨ ᠲᠦᠮᠡᠨ ᠤ ᠦᠵᠡᠯ ᠤᠬᠠᠮᠰᠠᠷ  ᠢ ᠳᠡᠭᠡᠭᠰᠢᠯᠡᠭᠦᠯᠦᠨ᠂ ᠣᠷᠴᠢᠨ ᠲᠣᠭᠤᠷᠢᠨ  ᠢ ᠬᠠᠮᠠᠭᠠᠯᠠᠬᠤ ᠪᠠ ᠤᠢ ᠰᠢᠭᠤᠶ ᠶᠢᠨ ᠭᠠᠯ ᠰᠡᠷᠭᠡᠶᠢᠯᠡᠬᠦ  ᠰᠠᠶᠢᠨ ᠰᠠᠶᠢᠬᠠᠨ ᠠᠭᠤᠷ ᠠᠮᠢᠰᠬᠤᠯ  ᠢ ᠪᠤᠢ ᠪᠣᠯᠭᠠᠬᠤ ᠬᠡᠷᠡᠭᠲᠡᠶ  ᠭᠡᠪᠡ᠃        ᠳᠠᠷᠠᠭᠠᠴᠢ ᠶᠢᠨ ᠠᠯᠬᠤᠮ ᠳᠤ᠂ ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠤᠢ ᠰᠢᠭᠤᠢ ᠶᠢ ᠲᠣᠭᠤᠷᠢᠨ ᠪᠠᠶᠢᠴᠠᠭᠠᠵᠤ ᠮᠠᠯᠵᠢᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠡᠬᠡ ᠳᠠᠩᠰᠠ ᠶᠢ ᠰᠠᠶᠢᠲᠤᠷ ᠳᠠᠩᠰᠠᠯᠠᠵᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠬᠢᠬᠦ ᠶᠢᠨ ᠬᠠᠮᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠤᠢ ᠰᠢᠭᠤᠢ ᠶᠢ ᠬᠠᠶᠢᠷᠠᠯᠠᠵᠤ ᠤᠢ ᠰᠢᠭᠤᠢ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦ ᠨᠡᠮᠡᠷᠢᠯᠡᠨ᠎ᠡ᠃                              ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2