ᠦᠰᠦᠭ ᠪᠢᠴᠢᠭ ᠢᠶᠡᠷ ᠦᠭᠦᠯᠡᠬᠦᠢ᠄ ︽2023 ᠣᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ﹀᠎ ᠤᠨ ᠠᠵᠢᠯᠯᠠᠭ᠎ᠠ ᠥᠷᠨᠢᠭᠦᠯᠬᠦ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/13
 ᠨᠢᠭᠡ᠂ ᠲᠣᠭᠲᠠᠭᠠᠭᠰᠠᠨ ᠠᠬᠤᠢ ᠪᠠᠶᠢᠳᠠᠯ      ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠤᠨ ᠬᠠᠨᠳᠢᠪ ᠴᠤᠭᠯᠠᠭᠤᠯᠬᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠨᠠᠶᠢᠳᠠᠵᠤ ᠪᠥᠬᠦ ᠣᠷᠣᠨ ᠤ ᠬᠡᠪᠴᠢᠶᠡᠨ ᠳᠤ ᠥᠷᠨᠢᠭᠦᠯᠦᠭᠰᠡᠨ ᠨᠢᠭᠡ ᠵᠦᠢᠯ ᠤᠨ ᠬᠦᠴᠢᠷᠳᠡᠯᠲᠡᠢ ᠣᠯᠠᠨ ᠲᠦᠮᠡᠨ ᠢ ᠣᠷᠳᠣ ᠬᠤᠭᠤᠴᠠᠭ᠎ᠠ ᠪᠠᠷ ᠠᠩᠬᠠᠷᠤᠨ ᠬᠠᠯᠠᠮᠵᠢᠯᠠᠵᠤ᠂ ᠬᠥᠮᠥᠡᠯᠢᠭ ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠃      ᠮᠠᠨ ᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2006 ᠣᠨ ᠳᠤ ᠡᠨᠡ ᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠣᠭᠤᠷᠢᠨ ᠳᠤ᠂ ᠭᠠᠮᠰᠢᠭ ᠠᠴᠠ ᠠᠪᠤᠷᠠᠨ ᠲᠤᠰᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠦᠨᠳᠦ ᠡᠪᠡᠳᠴᠢᠨ ᠪᠣᠯᠣᠨ ᠬᠦᠴᠢᠷᠳᠡᠯ ᠲᠠᠢ ᠠᠵᠢᠯᠲᠠᠨ ᠠᠵᠢᠯᠴᠢᠨ ᠢ ᠠᠪᠤᠷᠠᠨ ᠲᠤᠰᠠᠯᠠᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ︽ᠭᠡᠭᠡᠨ ᠰᠠᠷᠠᠭᠤᠯ ᠠᠵᠢᠯᠯᠠᠭ᠎ᠠ︾᠂ ︽ᠲᠦᠭᠡᠮᠡᠯ ᠬᠠᠶᠢᠷ᠎ᠠ ᠶᠢᠨ ᠭᠡᠷ ᠣᠷᠣᠨ ︾᠂ ︽ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠭ᠋︾ ᠵᠡᠷᠭᠡ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠳᠤᠲᠠᠭᠤᠳᠠᠯ ᠢ ᠨᠥᠬᠦᠪᠦᠷᠢᠯᠡᠬᠦ ᠶᠡᠭᠡ ᠬᠡᠮᠵᠢᠶᠡᠨ ᠤ ᠰᠠᠶᠢᠨ ᠶᠠᠪᠤᠳᠠᠯ᠂ ᠪᠣᠳᠠᠲᠤ ᠶᠠᠪᠤᠳᠠᠯ ᠢ ᠬᠢᠵᠦ᠂ ᠨᠠᠮ ᠪᠠ ᠵᠠᠰᠠᠭ ᠤᠨ ᠣᠷᠳᠣᠨ ᠤ ᠬᠥᠮᠥᠡᠯᠢᠭ ᠦᠵᠡᠯ ᠤᠨ ᠬᠦᠷᠢᠶᠡᠨ ᠳᠠᠬᠢ ᠬᠠᠪᠰᠤᠷᠤᠭᠴᠢ ᠪᠠ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃       ᠣᠳᠣᠬᠠᠨ ᠳᠤ᠂ ᠪᠦᠬᠦ ᠬᠤᠲᠠ ᠨᠢ ᠪᠦᠬᠦ ᠬᠦᠴᠦᠨ ᠢᠶᠠᠷ ᠢᠶᠠᠨ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠵᠦ ᠪᠤᠢ᠂ ᠭᠡᠪᠡᠴᠦ ᠬᠥᠭᠵᠢᠯᠲᠡ ᠶᠢᠨ ᠳᠤᠮᠳᠠᠬᠢ ᠵᠠᠷᠢᠮ ᠲᠡᠩᠴᠡᠭᠦᠷᠢ ᠦᠭᠡᠢ᠂ ᠭᠦᠢᠴᠡᠳ ᠦᠭᠡᠢ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠂ ᠢᠯᠠᠩᠭᠤᠶ᠎ᠠ ᠵᠠᠷᠢᠮ ᠬᠦᠴᠢᠷᠳᠡᠯᠲᠡᠢ ᠣᠯᠠᠨ ᠲᠦᠮᠡᠨ ᠨᠠᠮ ᠪᠠ ᠵᠠᠰᠠᠭ ᠤᠨ ᠣᠷᠳᠣᠨ ᠤ ᠠᠩᠬᠠᠷᠤᠯ ᠢ ᠲᠠᠲᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢ ᠱᠠᠭᠠᠷᠳᠠᠵᠤ ᠪᠠᠶᠢᠨ᠎ᠠ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠨᠠᠮ ᠤᠨ ᠤᠳᠤᠷᠢᠳᠤᠯᠭ᠎ᠠ ᠳᠣᠣᠷᠠᠬᠢ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠬᠦᠴᠢᠷᠳᠡᠯᠲᠡᠢ ᠣᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠪᠣᠯᠤᠭᠰᠠᠨ ᠤ ᠬᠤᠪᠢ ᠳᠤ᠂ ᠨᠢᠭᠡ ᠲᠠᠯ᠎ᠠ ᠪᠠᠷ ᠬᠠᠶᠢᠷ᠎ᠠ ᠬᠠᠯᠠᠮᠵᠢ ᠶᠢᠨ ᠬᠥᠮᠥᠰ ᠢ ᠬᠤᠯᠪᠣᠵᠤ᠂ ᠨᠥᠭᠦᠭᠡ ᠲᠠᠯ᠎ᠠ ᠪᠠᠷ ᠲᠤᠰᠠᠯᠠᠮᠵᠢ ᠭᠥᠷᠳᠡᠬᠦ ᠬᠠᠮᠲᠤᠯᠢᠭ ᠢ ᠬᠤᠯᠪᠣᠵᠤ᠂ ᠣᠳᠣᠬᠠᠨ ᠤ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠦᠨ᠂ ᠮᠠᠨ ᠤ ᠬᠤᠲᠠ ᠶᠢᠨ ᠪᠥᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠪᠠᠶᠢᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠢ ᠶᠢᠨ ᠬᠠᠤᠯᠢ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠵᠦ ᠪᠣᠯᠣᠨ᠎ᠠ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ ᠶᠣᠰᠣᠭᠠᠷ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠬᠦ ᠶᠢ ᠨᠠᠩ ᠰᠠᠶᠢᠲᠤᠷ ᠪᠠᠲᠤᠯᠠᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ 2023 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃       ᠬᠤᠶᠠᠷ᠂ ᠬᠡᠷᠡᠭᠯᠡᠬᠦ ᠬᠡᠪᠴᠢᠶ᠎ᠡ     ︽ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ﹀᠎ ᠤᠨ ᠬᠠᠨᠳᠢᠪ ᠴᠤᠭᠯᠠᠭᠤᠯᠬᠤ ᠠᠵᠢᠯᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠢ ᠮᠡᠳᠡᠭᠳᠡᠯ︾ ︵ᠲᠢᠩᠬᠢᠮ ᠲᠠᠷᠬᠠᠭᠠᠭᠰᠠᠨ ︹2013︺ ᠳ᠋ᠤᠭᠠᠷ︶᠎ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠣᠷᠣᠯᠴᠠᠬᠤ ᠬᠡᠪᠴᠢᠶ᠎ᠡ ᠨᠢ᠄ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ᠂ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠲᠠ ᠳᠤ ᠰᠠᠭᠤᠭ᠎ᠠ ᠡᠯ᠎ᠡ ᠨᠢᠭᠡᠴᠢ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠪᠣᠯᠣᠨ᠎ᠠ᠃       ᠭᠤᠷᠪᠠ᠂ ᠭᠤᠣᠯ ᠠᠭᠤᠯᠭ᠎ᠠ     ︽2022 ᠣᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ﹀᠎ ᠤᠨ ᠠᠵᠢᠯᠯᠠᠭ᠎ᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹2022︺ 43 ᠳ᠋ᠤᠭᠠᠷ ᠲᠣᠭᠠᠲᠤ︶᠂ ︽ 2023 ᠣᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ﹀᠎ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠮᠡᠳᠡᠭᠳᠡᠯ︾ ︵ᠥᠪᠥᠷ ᠤᠯᠠᠭᠠᠨ ᠲᠠᠷᠬᠠᠭᠠᠭᠰᠠᠨ ︹2023︺ 15 ᠳ᠋ᠤᠭᠠᠷ ᠲᠣᠭᠠᠲᠤ︶᠎ ᠢ ᠦᠨᠳᠦᠰᠦᠯᠡᠬᠦ ᠶᠢᠨ ᠳᠠᠭᠠᠤ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2023 ᠣᠨ ᠤ ᠪᠥᠬᠦ ᠬᠤᠲᠠ ᠶᠢᠨ ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ᠴᠠᠬᠢᠯᠭᠠᠨ ︹2023︺ 4 ᠳ᠋ᠤᠭᠡᠷ ᠲᠣᠭᠠᠲᠤ︶᠂ ︽ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2023 ᠣᠨ ᠤ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠵᠠᠰᠠᠭ ᠠᠯᠪᠠᠨ ᠥᠰᠥᠭ ︹ 2023︺ 35 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠵᠤ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2023 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠳᠠᠷᠤᠮᠠᠯᠯᠠᠨ ᠲᠠᠷᠬᠠᠭᠠᠬᠤ ᠮᠡᠳᠡᠭᠳᠡᠯ ᠤᠨ ᠪᠢᠴᠢᠭ ᠮᠠᠲ᠋ᠧᠷᠢᠶᠠᠯ ᠢ ᠲᠣᠭᠲᠠᠭᠠᠨ᠎ᠠ᠃      ︵ᠨᠢᠭᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠤᠨ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ᠎ᠠ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠨᠠᠶᠢᠳᠠᠵᠤ ᠪᠥᠬᠦ ᠣᠷᠣᠨ ᠤ ᠬᠡᠪᠴᠢᠶᠡᠨ ᠳᠤ ᠵᠣᠬᠢᠶᠠᠨ ᠪᠠᠶᠢᠭᠤᠯᠤᠨ ᠥᠷᠨᠢᠭᠦᠯᠦᠭᠰᠡᠨ ᠨᠢᠭᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠂ ᠡᠭᠦᠨ ᠤ ᠵᠣᠷᠢᠯᠭ᠎ᠠ ᠨᠢ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠵᠤ᠂ ᠬᠥᠮᠥᠡᠯᠢᠭ ᠦᠵᠡᠯ ᠢᠶᠠᠷ ᠠᠪᠤᠷᠠᠨ ᠲᠤᠰᠠᠯᠠᠬᠤ ᠵᠡᠷᠭᠡ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ ᠳᠤ ᠪᠤᠢ᠃ ᠡᠨᠡᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠮᠠᠨ ᠤ ᠬᠤᠳᠠ ᠶᠢᠨ ᠡᠯ᠎ᠡ ᠱᠠᠲᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠡᠢ᠃  ︵ᠬᠤᠶᠠᠷ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠬᠦ ᠶᠢ ᠴᠢᠬᠤᠯᠠᠴᠢᠯᠠᠨ᠎ᠠ᠃ ᠬᠠᠶᠢᠷ᠎ᠠ ᠬᠠᠯᠠᠮᠵᠢ ᠶᠢᠨ ᠦᠶᠯᠡ ᠠᠵᠢᠯᠯᠠᠭ᠎ᠠ ᠶᠢ ᠰᠠᠶᠢᠰᠢᠶᠠᠨ ᠬᠥᠬᠢᠭᠦᠯᠵᠦ᠂ ᠨᠡᠶᠢᠭᠡᠮ ᠤᠨ ᠪᠣᠯᠪᠠᠰᠤᠨ ᠤ ᠬᠡᠪ ᠰᠤᠷᠲᠠᠯ ᠢ ᠬᠥᠲᠥᠯᠥᠨ ᠵᠢᠯᠤᠭᠤᠳᠴᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠤᠨ ᠠᠵᠢᠯᠯᠠᠭ᠎ᠠ ᠶᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ︵ᠨᠢᠭᠡᠴᠢ︶᠎ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠬᠥᠮᠥᠡᠯᠢᠭ ᠶᠣᠰᠣᠨ ᠤ ᠦᠢᠯᠡᠰ ᠲᠤ ᠣᠷᠣᠯᠴᠠᠬᠤ ᠶᠢ ᠠᠬᠢᠭᠤᠯᠬᠤ ᠨᠡᠶᠢᠲᠡ ᠶᠢᠨ ᠠᠰᠠᠷᠠᠮᠵᠢ ᠶᠢᠨ ᠠᠴᠢᠶᠠᠯᠠᠪᠤᠷᠢ ᠪᠣᠯᠭᠠᠬᠤ ᠬᠡᠷᠡᠭᠲᠡᠢ᠃          ︵ᠭᠤᠷᠪᠠ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠤᠨ ᠴᠤᠭᠯᠠᠭᠤᠯᠤᠭᠰᠠᠨ ᠪᠡᠯᠡ ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠶᠢ ᠴᠢᠬᠤᠯᠠᠴᠢᠯᠠᠨ᠎ᠠ᠃ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︿ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ﹀᠎ ᠤᠨ ᠬᠠᠨᠳᠢᠪ ᠤᠨ ᠮᠥᠩᠭᠦ ᠶᠢ ᠭᠥᠯᠢᠶᠡᠨ ᠠᠪᠴᠤ ᠬᠠᠮᠢᠶᠠᠷᠴᠤ ᠬᠡᠷᠡᠭᠯᠡᠬᠦ ᠠᠷᠭ᠎ᠠ︾᠎ ᠶᠢ ᠴᠢᠩᠭ᠎ᠠ ᠵᠢᠷᠤᠮᠯᠠᠨ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪ ᠤᠨ ᠮᠥᠩᠭᠦ︾᠎ ᠶᠢᠨ ᠪᠤᠶᠠᠨ ᠤ ᠮᠥᠩᠭᠦ ᠶᠢ ᠭᠥᠯᠢᠶᠡᠨ ᠠᠪᠬᠤ᠂ ᠬᠠᠮᠢᠶᠠᠷᠬᠤ᠂ ᠬᠡᠷᠡᠭᠯᠡᠬᠦ ᠪᠠ ᠢᠯᠡ ᠲᠣᠳᠣ ᠪᠠᠶᠢᠯᠭᠠᠬᠤ ᠠᠵᠢᠯ ᠢ ᠴᠢᠩᠭ᠎ᠠ ᠨᠢᠮᠪᠠᠢ ᠵᠢᠷᠤᠮᠵᠢᠭᠤᠯᠤᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ .       ︵ᠳᠥᠷᠪᠡ︶ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠤᠨ ᠮᠦᠩᠬᠦ ᠬᠠᠨᠳᠢᠪᠯᠡᠬᠤ ᠠᠷᠭ᠎ᠠ ᠮᠠᠶ᠋ᠢᠭ ᠢ ᠨᠡᠶᠢᠲᠡᠯᠡᠬᠦ ᠨᠢ ᠬᠠᠶᠢᠷ᠎ᠠ ᠬᠠᠯᠠᠮᠵᠢ ᠶᠢᠨ ᠨᠢᠭᠡᠴᠢ ᠪᠠ ᠬᠠᠶᠢᠷ᠎ᠠ ᠬᠠᠯᠠᠮᠵᠢ ᠶᠢᠨ ᠬᠥᠮᠥᠰ ᠢᠶᠠᠷ ᠪᠤᠶᠠᠨ ᠤ ᠮᠥᠩᠭᠦ᠂ ᠬᠠᠶᠢᠷ᠎ᠠ ᠬᠠᠯᠠᠮᠵᠢ ᠶᠢᠨ ᠮᠥᠩᠭᠦ ᠬᠠᠨᠳᠢᠪᠯᠠᠭᠤᠯᠬᠤ ᠳᠤ ᠲᠥᠬᠦᠮ ᠪᠣᠯᠭᠠᠬᠤ ᠶᠢᠨ ᠲᠥᠯᠥᠭᠡ ᠶᠤᠮ ᠃ ᠳᠥᠷᠪᠡ᠂ ᠨᠡᠶᠢᠲᠡᠯᠡᠭᠰᠡᠨ ᠠᠴᠢ ᠬᠤᠯᠪᠣᠭᠳᠠᠯ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠡᠯ︾᠎ ᠨᠢ ᠨᠢᠭᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠤᠭᠰᠠᠨ ᠤ ᠬᠤᠪᠢ ᠳᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠬᠤ ᠪᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠥᠮᠥᠡᠯᠢᠭ ᠠᠪᠤᠷᠠᠨ ᠲᠤᠰᠠᠯᠠᠬᠤ ᠳᠤ ᠬᠠᠮᠲᠤ ᠪᠠᠷ ᠣᠷᠣᠯᠴᠠᠬᠤ ᠨᠢ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2