ᠵᠢᠨᠢᠩ ᠲᠣᠭᠤᠷᠢᠭ 2024 ᠣᠨ ᠤ ᠴᠢᠬᠤᠯᠠ ᠶᠡᠭᠡ ᠲᠦᠷᠦᠯ ᠵᠦᠢᠯ ᠤᠨ ᠨᠥᠭᠡᠴᠡᠯᠡᠯᠲᠡ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/14
     11 ᠳ᠋ᠦ᠋ᠭᠡᠷ ᠰᠠᠷ᠎ᠠ ᠶᠢᠨ 10᠎ ᠤ ᠡᠳᠦᠷ ᠂ ᠵᠢᠨᠢᠩ ᠲᠣᠭᠤᠷᠢᠭ 2024 ᠣᠨ ᠤ ᠴᠢᠬᠤᠯᠠ ᠶᠡᠭᠡ ᠲᠥᠷᠥᠯ ᠵᠦᠶᠯ ᠤᠨ ᠨᠥᠭᠡᠴᠡᠯᠡᠯᠲᠡ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠮᠠᠨ ᠤ ᠲᠤᠭᠤᠷᠢᠭ ᠤᠨ2024 ᠣᠨ ᠤ ᠴᠢᠬᠤᠯᠠ ᠶᠡᠭᠡ ᠲᠥᠷᠥᠯ ᠵᠦᠶᠯ ᠤᠨ ᠲᠥᠯᠥᠪᠵᠢᠭᠦᠯᠵᠦ ᠨᠥᠭᠡᠴᠡᠯᠡᠭᠰᠡᠨ ᠪᠠᠶᠢᠳᠠᠯ ᠢ ᠰᠣᠨᠣᠰᠪᠠ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ ᠴᠢᠬᠤᠯᠠᠴᠢᠯᠠᠭᠰᠠᠨ ᠨᠢ ᠂ ᠴᠢᠨᠠᠷ ᠰᠠᠶᠢᠲᠠᠢ ᠬᠥᠭᠵᠢᠯᠲᠡ ᠳᠤ ᠡᠷᠬᠡᠪᠰᠢ ᠴᠢᠨᠠᠷ ᠰᠠᠶᠢᠲᠠᠢ ᠲᠦᠷᠦᠯ ᠵᠦᠢᠯ ᠢᠶᠠᠷ ᠲᠤᠯᠭᠠᠭᠤᠷᠢᠯᠠᠯ ᠪᠣᠯᠭᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠠᠨ ᠤ ᠲᠤᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠵᠠᠬ᠎ᠠ ᠳᠡᠯᠭᠡᠭᠦᠷ ᠤᠨ ᠢᠷᠡᠭᠡᠳᠦᠢ ᠪᠠᠷ ᠰᠠᠶᠢᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠴᠢᠨᠠᠷ ᠰᠠᠶᠢᠲᠠᠢ ᠲᠦᠷᠦᠯ ᠵᠦᠢᠯ ᠢ ᠲᠠᠲᠠᠵᠤ ᠤᠷᠤᠭᠤᠯᠬᠤ ᠪᠠᠷ ᠴᠢᠷᠮᠠᠶᠢᠵᠤ᠂ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠨᠥᠭᠡᠴᠡᠯᠡᠵᠦ ᠪᠠᠶᠢᠭ᠎ᠠ ᠭᠤᠤᠯᠳᠠᠯᠭ᠎ᠠ ᠲᠠᠢ ᠲᠥᠷᠥᠯ ᠵᠦᠶᠯ ᠢ ᠭᠦᠨᠵᠡᠭᠡᠶ ᠡᠮᠬᠢᠯᠡᠨ ᠳᠢᠭᠯᠡᠵᠦ᠂ ᠵᠠᠳᠠᠯᠤᠨ ᠰᠢᠨᠵᠢᠯᠡᠵᠦ᠂ ᠰᠤᠳᠤᠯᠤᠨ ᠮᠠᠭᠠᠳᠯᠠᠵᠤ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠴᠠᠭ ᠲᠤᠬᠠᠶ ᠳᠤᠨᠢ ᠳᠣᠭᠢᠷᠠᠭᠤᠯᠤᠨ᠂ ᠲᠥᠷᠥᠯ ᠵᠦᠶᠯ ᠢ ᠰᠠᠶᠢᠲᠤᠷ ᠲᠥᠯᠥᠪᠯᠡᠵᠦ᠂ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠯᠴᠠᠨ ᠬᠠᠮᠵᠢᠯᠴᠠᠵᠤ᠂ ᠲᠥᠯᠥᠪᠵᠢᠭᠦᠯᠵᠦ ᠲᠣᠭᠲᠠᠭᠠᠭᠰᠠᠨ ᠲᠥᠷᠥᠯ ᠵᠦᠶᠯ ᠳᠤ ᠤᠷᠢᠳᠴᠢᠯᠠᠨ ᠣᠷᠣᠯᠴᠠᠵᠤ᠂ ᠦᠶᠯᠡᠴᠢᠯᠡᠭᠡᠨ ᠤ ᠬᠦᠴᠦᠨ ᠵᠦᠶᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠬᠦ᠂ ᠡᠷᠲᠡ ᠠᠴᠠ ᠠᠰᠢᠭᠯᠠᠯᠲᠠ ᠳᠤ ᠣᠷᠣᠭᠤᠯᠬᠤ᠂ ᠡᠷᠲᠡ ᠠᠴᠠ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ ᠵᠢᠴᠢ ᠡᠯ᠎ᠡ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2