ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ 15 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/15
705470.jpg
    11 ᠰᠠᠷ᠎ᠠ ᠶᠢᠨ 14᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠎ ᠤᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠂ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠠᠷᠢᠭᠤᠴᠠᠯᠭᠠᠲᠠᠨ ᠳᠤ ᠰᠢᠳᠬᠡᠯ ᠥᠭᠴᠦ ᠰᠢᠶᠳᠪᠦᠷᠢᠯᠡᠬᠦ ᠰᠠᠨᠠᠭᠤᠯᠭ᠎ᠠ ᠶᠢᠨ ᠠᠷᠭ᠎ᠠ︾ ᠵᠡᠷᠭᠡ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠰᠤᠷᠤᠯᠴᠠᠵᠠᠢ᠃      ᠬᠤᠷᠠᠯ ᠠᠴᠠ ᠴᠢᠬᠤᠯᠠᠴᠢᠯᠠᠭᠰᠠᠨ ᠨᠢ ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ  ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ ᠡᠯ᠎ᠡ ᠵᠦᠶᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠣᠭᠰᠣᠴᠠ ᠪᠠᠨ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢᠨ ᠬᠦᠨᠳᠦ ᠨᠣᠴᠢᠲᠠᠶ ᠬᠤᠤᠷ ᠬᠥᠨᠥᠭᠡᠯᠲᠦ ᠴᠢᠨᠠᠷ ᠢ ᠭᠦᠶᠴᠡᠳ ᠲᠠᠨᠢᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠬᠤᠷᠢᠭᠯᠠᠬᠤ ᠬᠡᠷᠡᠭᠲᠡᠶ᠃ ᠲᠠᠪᠤᠨ ᠠᠵᠤ ᠠᠬᠤᠢ ᠶᠢ ᠲᠦᠭᠡᠮᠡᠯᠵᠢᠭᠦᠯᠬᠦ ᠠᠵᠢᠯ ᠤᠨ ᠠᠬᠢᠴᠠ ᠶᠢᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ᠂ ᠬᠤᠷᠳᠤᠴᠠ ᠪᠠᠨ ᠲᠦᠷᠭᠡᠳᠬᠡᠵᠦ᠂ ᠡᠷᠴᠢᠮ ᠢᠶᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠮᠠᠨ ᠤ  ᠲᠤᠭᠤᠷᠢᠭ ᠤᠨ 2023 ᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠵᠢᠴᠢ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ︽ᠬᠥᠬᠡᠮᠳᠦᠭ  ᠠᠭᠤᠯᠠ ᠨᠣᠭᠤᠭᠠᠨ ᠤᠰᠤ ᠪᠣᠯ ᠠᠯᠳᠠ ᠮᠥᠩᠭᠦᠨ ᠠᠭᠤᠯᠠ ᠮᠦᠨ︾ ᠭᠡᠬᠦ ᠤᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠡᠭᠡᠳᠦ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ  ᠬᠢᠨᠠᠮᠠᠭᠠᠢ  ᠨᠠᠶᠢᠳᠠᠪᠤᠷᠢᠵᠢᠭᠤᠯᠵᠤ᠂ ᠬᠦᠭᠡ ᠲᠩᠷᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠮᠠᠨ ᠤ  ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠡᠯ᠎ᠡ ᠵᠦᠶᠯ ᠤᠨ ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ ᠶᠢ ᠪᠠᠷᠢᠮᠵᠢᠶᠠᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠭ ᠨᠣᠪᠰᠢ ᠶᠢ ᠰᠢᠶᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠮᠠᠨ ᠤ  ᠲᠤᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃     ᠬᠤᠷᠠᠯ ᠠᠴᠠ᠂  ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠰᠤᠳᠤᠯᠤᠨ ᠶᠠᠷᠢᠯᠴᠠᠵᠤ᠂ ᠬᠤᠷᠠᠯ ᠳᠤ ᠣᠷᠣᠯᠴᠠᠭᠰᠠᠳ ︽ᠳᠠᠪᠠᠭᠤᠯᠢᠭ ᠢᠶᠠᠨ ᠪᠠᠳᠠᠷᠠᠭᠤᠯᠵᠤ᠂  ᠵᠦᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠵᠤ᠂ ᠵᠢᠨᠢᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠠᠷᠠᠯᠲᠠ ᠡᠭᠦᠷᠭᠡ ᠪᠠᠨ ᠲᠣᠭᠲᠠᠭᠠᠵᠤ᠂ ᠲᠣᠭᠲᠠᠭᠰᠠᠨ ᠬᠥᠳᠡᠯᠭᠡᠭᠡᠨ ᠪᠣᠯᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠵᠤ ᠰᠢᠨ᠎ᠡ ᠰᠢᠪᠲᠤᠯᠤᠯᠲᠠ ᠲᠠᠢ ᠪᠣᠯᠬᠤ ᠲᠦᠷᠦ ᠶᠢᠨ ᠪᠤᠳᠤᠯᠭ᠎ᠠ ᠠᠷᠭ᠎ᠠ  ᠬᠡᠮᠵᠢᠶ᠎ᠡ ᠨᠦᠭᠦᠳ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠵᠡᠷᠭᠡ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠲᠠᠯ᠎ᠠ ᠪᠠᠷ ᠰᠡᠳᠬᠢᠮᠵᠢ ᠶᠢ ᠰᠦᠪᠡᠭᠴᠢᠯᠡᠨ ᠪᠣᠳᠠᠲᠠᠶ ᠠᠷᠭ᠎ᠠ ᠤᠬᠠᠭᠠᠨ ᠭᠠᠷᠭᠠᠵᠤ᠂ ᠲᠥᠷᠥᠯ ᠵᠦᠶᠯ ᠢ ᠰᠦᠪᠡᠭᠴᠢᠯᠡᠨ ᠠᠬᠢᠭᠤᠯᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠨ ᠪᠣᠳᠠᠲᠠᠶ ᠠᠮᠵᠢᠯᠲᠠ ᠪᠦᠲᠦᠮᠵᠢ  ᠭᠠᠷᠭᠠᠬᠤ ᠬᠡᠷᠡᠭᠲᠡᠢ᠃ ᠵᠢᠯ ᠤᠨ ᠡᠬᠢᠨ ᠳᠤ ᠲᠣᠭᠲᠠᠭᠠᠭᠰᠠᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠲᠦᠷᠦᠯ ᠳᠠᠷᠠᠭᠠᠯᠠᠨ ᠡᠮᠬᠢᠯᠡᠨ ᠪᠦᠷᠢᠳᠬᠡᠵᠦ᠂ ᠬᠤᠴᠣᠷᠤᠩᠭᠤᠢ ᠠᠵᠢᠯ ᠢ ᠬᠥᠭᠡᠭᠡᠵᠦ ᠭᠦᠢᠴᠡᠬᠦ ᠶᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠨᠬᠦ ᠰᠢᠯᠭᠠᠨ ᠪᠠᠶᠢᠴᠠᠭᠠᠬᠤ ᠬᠡᠷᠡᠭᠲᠡᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2