ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠡᠪᠴᠢᠵᠦ  ᠳᠣᠷᠣᠮᠵᠢᠯᠠᠭᠴᠢᠳ ᠲᠤ ︽ᠥᠬᠡᠶ︾ ᠭᠡᠵᠦ ᠬᠡᠯᠡᠨ᠎ᠡ
ᠨᠡᠶᠢᠲᠡᠯᠡᠭᠰᠡᠨ ᠴᠠᠭ᠄
2023/11/15
      ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠲᠡᠳᠡᠨ ᠤ ᠵᠥᠪ ᠪᠤᠷᠤᠭᠤ ᠶᠢ ᠵᠠᠳᠠᠯᠤᠨ ᠮᠠᠭᠠᠳᠯᠠᠬᠤ᠂ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠳᠣᠷᠣᠮᠵᠢᠯᠠᠬᠤ ᠬᠡᠷᠡᠭ ᠢ ᠤᠷᠢᠳᠴᠢᠯᠠᠨ ᠰᠡᠷᠭᠡᠶᠢᠯᠡᠵᠦ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠲᠤᠸᠠᠨ ᠵᠢᠶᠧ ᠯᠦ ᠵᠠᠮ ᠤᠨ ᠨᠡᠶᠢᠭᠡᠮ ᠲᠣᠭᠤᠷᠢᠭ᠂ ᠰᠢᠨ ᠳ᠋ᠢᠶᠠᠨ ᠯᠦ ᠵᠠᠮ ᠤᠨ ᠨᠡᠶᠢᠭᠡᠮ ᠲᠣᠭᠤᠷᠢᠭ᠂ ᠰᠢᠨ ᠲᠢ ᠯᠦ ᠵᠠᠮ ᠤᠨ ᠲᠣᠮᠢᠯᠠᠭᠰᠠᠨ ᠰᠠᠯᠪᠤᠷᠢ ᠬᠠᠮᠲᠤᠷᠠᠨ ᠵᠢᠨᠢᠩ ᠲᠣᠭᠤᠷᠢᠭ ᠤᠨ ᠪᠸᠢ ᠴᠧᠨ ᠪᠠᠭ᠎ᠠ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠶᠢᠭᠡᠮ ᠲᠣᠭᠤᠷᠢᠭ ᠤᠨ ᠠᠵᠢᠯᠲᠠᠳ ᠡᠩ ᠲᠡᠷᠢᠭᠦᠨ ᠳᠤ ᠣᠳᠣᠬᠠᠨ ᠤ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠳᠣᠷᠣᠮᠵᠢᠯᠠᠯ ᠪᠠ ᠬᠦᠴᠦᠷᠬᠡᠭᠯᠡᠯ ᠤᠨ ᠦᠵᠡᠭᠳᠡᠯ ᠤᠨ ᠲᠣᠭᠤᠷᠢᠨ ᠳᠤ ᠠᠵᠢᠯᠯᠠᠭ᠎ᠠ ᠳᠤ ᠣᠷᠣᠯᠴᠠᠭᠰᠠᠨ ᠬᠡᠦᠬᠡᠳ ᠠᠴᠠ ᠠᠰᠠᠭᠤᠯᠲᠠ ᠠᠰᠠᠭᠤᠵᠤ᠂ ᠬᠡᠦᠬᠡᠳ ᠢ ᠰᠡᠩᠬᠡᠷᠡᠭᠦᠯᠦᠨ ᠡᠳᠦᠷ ᠲᠤᠳᠤᠮ ᠤᠨ ᠠᠮᠢᠳᠤᠷᠠᠯ ᠤᠨ ᠰᠤᠷᠤᠯᠴᠠᠯᠭ᠎ᠠ ᠶᠢᠨ ᠶᠠᠪᠤᠴᠠ ᠳᠤ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠵᠢᠴᠢ ᠬᠦᠴᠦᠷᠬᠡᠭᠯᠡᠯ ᠤᠨ ᠠᠵᠢᠯᠯᠠᠭ᠎ᠠ ᠳᠤ ᠤᠴᠠᠷᠠᠭᠰᠠᠨ ᠡᠰᠡᠬᠦ ᠶᠢ ᠰᠡᠳᠬᠢᠭᠦᠯᠬᠦ ᠶᠢᠨ ᠬᠠᠮᠲᠤ ᠬᠡᠦᠬᠡᠳ ᠢ ᠲᠤᠷᠤᠮᠵᠢᠯᠠᠯ ᠵᠢᠴᠢ ᠬᠦᠴᠦᠷᠬᠡᠭᠯᠡᠯ ᠤᠨ ᠠᠵᠢᠯᠯᠠᠭ᠎ᠠ ᠶᠢ ᠢᠯᠭᠠᠨ ᠲᠠᠨᠢᠬᠤ᠂ ᠥᠪᠡᠷ ᠢ ᠪᠠᠨ ᠬᠠᠮᠠᠭᠠᠯᠠᠬᠤ ᠠᠷᠭ᠎ᠠ ᠮᠡᠷᠭᠡᠵᠢᠯ ᠢ ᠰᠤᠷᠤᠯᠴᠠᠭᠤᠯᠬᠤ ᠪᠠᠷ ᠬᠦᠳᠦᠯᠦᠨ  ᠵᠢᠯᠤᠭᠤᠳᠪᠠ᠃     ᠰᠢᠨ ᠲᠢ ᠯᠦ ᠵᠠᠮ ᠤᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠭᠡᠭᠴᠢ ᠶᠠᠭᠤ ᠪᠣᠶ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠪᠠᠶᠢᠩᠭᠤ ᠲᠣᠬᠢᠶᠠᠯᠳᠤᠬᠤ ᠲᠥᠷᠥᠯ ᠬᠡᠯᠪᠡᠷᠢ ᠵᠢᠴᠢ ᠭᠤᠤᠯ ᠪᠣᠯᠬᠤ ᠦᠶᠯᠡ ᠠᠵᠢᠯᠯᠠᠭ᠎ᠠ ᠶᠢᠨ ᠢᠯᠡᠷᠡᠯ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠮᠠᠭᠤ ᠨᠥᠯᠥᠭᠡ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠳᠤ ᠤᠴᠠᠷᠠᠭᠰᠠᠨ ᠤ ᠳᠠᠷᠠᠭ᠎ᠠ ᠬᠡᠷᠬᠢᠨ ᠠᠷᠭᠠᠴᠠᠪᠠᠯ ᠵᠣᠬᠢᠬᠤ ᠵᠡᠷᠭᠡ ᠶᠢ ᠲᠠᠶᠢᠯᠪᠤᠷᠢᠯᠠᠨ ᠥᠭᠴᠡᠶ᠃ ᠬᠠᠮᠲᠤ ᠰᠤᠷᠤᠭᠴᠢᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠡᠤᠬᠡᠳ ᠤᠳ ᠢ ᠡᠶᠢᠮᠦᠷᠬᠦ ᠪᠠᠶᠢᠳᠠᠯ ᠳᠤ ᠲᠤᠯᠭᠠᠷᠠᠪᠠᠯ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠬᠤ ᠶᠢ ᠵᠣᠷᠢᠭᠵᠢᠭᠤᠯᠪᠠ᠃ ᠰᠤᠷᠤᠭᠴᠢᠳ ᠲᠠᠶᠢᠯᠤᠮᠵᠢ ᠬᠢᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠪᠣᠯᠪᠠᠰᠤᠨ ᠢᠶᠠᠷ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠤᠷᠢᠭᠯᠠᠬᠤ ᠪᠠ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ᠃      ᠲᠣᠰ ᠤᠳᠠᠭᠠᠨ ᠤ ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ ᠨᠢ ᠰᠤᠷᠤᠭᠴᠢᠳ ᠤᠨ ᠠᠮᠤᠷ ᠲᠦᠪᠰᠢᠨ ᠤ ᠦᠵᠡᠯᠲᠡ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠦᠨ᠂ ᠲᠡᠳᠡᠨ ᠢ ᠬᠠᠤᠯᠢ ᠶᠢ ᠮᠡᠳᠡᠵᠦ ᠬᠠᠤᠯᠢ ᠶᠢ ᠰᠠᠬᠢᠬᠤ ᠵᠢᠵᠢᠭ ᠢᠷᠭᠡᠨ ᠪᠣᠯᠭᠠᠬᠤ ᠪᠠᠷ ᠬᠥᠲᠥᠯᠦᠨ ᠵᠢᠯᠣᠭᠤᠳᠪᠠ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠬᠠᠤᠯᠢ ᠪᠠᠷ ᠵᠠᠰᠠᠬᠤ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠪᠠᠷ ᠨᠠᠰᠤᠨ ᠳᠤ ᠥᠯᠥ ᠭᠦᠷᠦᠭᠰᠡᠳ ᠤᠨ ᠠᠮᠢᠳᠤᠷᠠᠯ ᠤᠨ ︽ᠠᠩᠬᠠᠨ ᠤ ᠲᠣᠪᠴᠢ︾᠎ ᠶᠢ ᠰᠠᠶᠢᠲᠤᠷ ᠬᠥᠮᠥᠷᠢᠵᠦ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃                                     ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2