ᠵᠢᠨᠢᠩ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠣᠳᠠᠲᠠᠶ ᠠᠵᠢᠯ ᠬᠢᠵᠦ ᠠᠷᠠᠳ ᠤᠨ ᠵᠣᠪᠠᠨᠢᠯ ᠢ ᠰᠢᠶᠳᠪᠦᠷᠢᠯᠡᠨ᠎ᠡ
ᠨᠡᠶᠢᠲᠡᠯᠡᠭᠰᠡᠨ ᠴᠠᠭ᠄
2023/11/15
     ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠨᠠᠮ ᠤᠨ ᠬᠤᠷᠢᠶ᠎ᠠ ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠦᠷ᠎ᠡ ᠪᠦᠲᠦᠭᠡᠯ ᠢ ᠣᠨᠳᠣᠣᠰᠢᠭᠤᠯᠬᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠨᠢᠯ ᠬᠦᠰᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠠᠵᠢᠯ ᠢ ᠤᠯᠠᠨ ᠲᠦᠮᠡᠨ ᠤ ᠰᠡᠳᠬᠢᠯ ᠳᠤ ᠨᠡᠶᠢᠴᠡᠭᠦᠯᠵᠦ᠂ ᠭᠤᠣᠯ ᠰᠡᠳᠦᠪᠲᠦ ᠬᠥᠮᠦᠵᠢᠯ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠯᠴᠠᠨ ᠠᠭᠤᠰᠤᠯᠴᠠᠵᠤ ᠬᠠᠮᠲᠤᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠣᠶᠢᠷ᠎ᠠ ᠳᠤ᠂ ᠺᠠᠩ ᠯᠧ ᠨᠡᠶᠢᠲᠡ ᠶᠢᠨ ᠪᠠᠶᠢᠷᠢ ᠶᠢᠨ  ᠭᠤᠷᠪᠠᠨ ᠰᠠᠭᠤᠭᠠᠯᠢ ᠠᠷᠠᠳ ︽ᠨᠠᠮ ᠤᠨ ᠲᠥᠯᠥᠭᠡ ᠰᠠᠨᠠᠭᠠᠰᠢᠷᠠᠵᠤ᠂ ᠠᠷᠠᠳ ᠤᠨ ᠲᠥᠯᠥᠭᠡ ᠬᠦᠴᠢᠷᠳᠡᠯ ᠢ ᠰᠢᠶᠳᠪᠦᠷᠢᠯᠡᠶ᠎ᠡ︾ ᠭᠡᠰᠡᠨ ᠬᠡᠮᠡᠷᠯᠢᠭ ᠲᠤᠭ ᠢ ᠵᠢᠨᠢᠩ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠳᠤ ᠬᠦᠷᠭᠡᠵᠦ᠂ ︽ᠵᠠᠰᠠᠭ ᠤᠨ ᠣᠷᠳᠣᠨ ᠳᠤ ᠲᠠᠯᠠᠷᠬᠠᠵᠤ ᠪᠠᠶᠢᠨ᠎ᠠ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠳᠤ ᠲᠠᠯᠠᠷᠬᠠᠵᠤ ᠪᠠᠶᠢᠨ᠎ᠠ᠂ ᠪᠢᠳᠡᠨ ᠢ ᠬᠠᠪᠰᠤᠷᠤᠨ ᠠᠮᠤᠷ ᠲᠠᠶᠢᠪᠤᠩ ᠣᠷᠣᠨ ᠰᠠᠭᠤᠴᠠ ᠶᠢᠨ ᠵᠡᠭᠦᠳᠦ ᠶᠢ ᠲᠡᠷᠭᠡᠯᠰᠢᠭᠦᠯᠪᠡ︾ ᠭᠡᠵᠦ ᠰᠡᠳᠬᠢᠯ ᠳᠣᠭᠳᠣᠯᠤᠨ ᠬᠡᠯᠡᠪᠡ᠃      ᠺᠠᠩ ᠯᠧ ᠨᠡᠶᠢᠲᠡ ᠶᠢᠨ ᠪᠠᠶᠢᠷᠢ ᠶᠢᠨ ᠲᠥᠷᠥᠯ ᠵᠦᠶᠯ ᠢ 2014 ᠣᠨ ᠳᠤ ᠡᠬᠢᠯᠡᠨ ᠪᠠᠶᠢᠭᠤᠯᠵᠤ᠂ ᠰᠡᠭᠦᠯᠡᠷ ᠨᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠠᠯᠠ ᠮᠥᠩᠭᠦ ᠶᠢᠨ ᠬᠡᠯᠬᠢᠶ᠎ᠡ ᠲᠠᠰᠤᠷᠠᠭᠰᠠᠨ ᠠᠴᠠ ᠪᠣᠯᠵᠣ ᠂ ᠲᠥᠷᠥᠯ ᠵᠦᠶᠯ ᠨᠢ ᠨᠢᠭᠡᠳᠦᠯᠲᠡᠶ ᠠᠵᠢᠯ ᠵᠣᠭᠰᠣᠭᠰᠠᠨ ᠪᠠᠶᠢᠳᠠᠯ ᠳᠤ ᠣᠷᠣᠵᠤ᠂ ᠪᠤᠴᠠᠵᠤ ᠨᠡᠭᠦᠭᠰᠡᠨ ᠡᠷᠦᠬᠡ ᠤᠳᠠᠲᠠᠯ᠎ᠠ ᠣᠷᠣᠵᠤ ᠰᠠᠭᠤᠵᠤ ᠳᠡᠶᠢᠯᠬᠦ ᠥᠬᠡᠶ ᠪᠣᠯᠵᠠᠶ᠃ 2020 ᠣᠨ ᠤ 9 ᠰᠠᠷ᠎ᠠ ᠳᠤ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠤᠴᠠᠵᠤ ᠨᠡᠭᠦᠭᠰᠡᠨ ᠡᠷᠦᠬᠡ ᠶᠢᠨ ᠬᠦᠰᠡᠯ ᠱᠠᠭᠠᠷᠳᠠᠯᠭ᠎ᠠ ᠵᠢᠴᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠣᠳᠠᠲᠠᠶ ᠪᠠᠶᠢᠳᠠᠯ ᠢ ᠦᠨᠳᠦᠰᠦᠯᠡᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠤᠷᠠᠯ ᠠᠴᠠ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢ ᠪᠠᠯᠠ ᠣᠷᠣᠭᠤᠯᠤᠨ ᠲᠠᠷᠠᠭᠠᠴᠢ ᠶᠢᠨ ᠢᠨᠵᠧᠨᠧᠷᠢᠩ ᠢ ᠲᠡᠭᠦᠯᠳᠡᠷᠵᠢᠭᠦᠯᠵᠦ᠂ ᠺᠠᠩ ᠯᠧ ᠨᠡᠶᠢᠲᠡ ᠶᠢᠨ ᠪᠠᠶᠢᠷᠢ ᠶᠢᠨ ᠪᠤᠴᠠᠵᠤ ᠨᠡᠭᠦᠭᠰᠡᠨ ᠡᠷᠦᠬᠡ ᠶᠢᠨ ᠣᠷᠣᠵᠤ ᠰᠠᠭᠤᠬᠤ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠶᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ ᠮᠠᠨ ᠤ ᠺᠣᠮᠫᠠᠨᠢ ᠡᠭᠦᠷᠭᠡ ᠶᠢ ᠬᠦᠯᠢᠶᠡᠨ ᠠᠪᠤᠭᠰᠠᠨ ᠤ ᠳᠠᠷᠠᠭ᠎ᠠ ᠲᠡᠷᠡ ᠳᠠᠷᠤᠢ ᠳᠤᠨᠢ ᠲᠤᠰᠬᠠᠢ ᠳᠤᠭᠤᠶᠢᠯᠠᠩ  ᠪᠠᠶᠢᠭᠤᠯᠵᠤ᠂ 260 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠲᠦᠷᠦᠯ ᠵᠦᠢᠯ ᠤᠨ ᠬᠤᠶᠠᠳᠤᠭᠠᠷ ᠤᠳᠠᠭᠠᠨ ᠤ ᠪᠦᠲᠦᠴᠡ ᠶᠢ ᠵᠠᠯᠭᠠᠪᠡᠷ ᠲᠡᠭᠦᠯᠳᠡᠷᠵᠢᠭᠦᠯᠵᠦ᠂ ᠤᠰᠤ ᠴᠠᠬᠢᠯᠭᠠᠨ ᠤ ᠤᠭᠰᠠᠷᠠᠯᠲᠠ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠰᠢᠷ᠂ ᠴᠠᠬᠢᠯᠭᠠᠨ ᠱᠠᠳᠤ ᠤᠭᠰᠠᠷᠠᠬᠤ᠂ ᠭᠡᠷ ᠤᠨ ᠭᠠᠳᠠᠨᠠᠬᠢ ᠵᠠᠮ ᠢ ᠬᠠᠲᠠᠭᠤᠷᠠᠭᠤᠯᠬᠤ᠂ ᠢᠯᠴᠢ ᠬᠠᠩᠭᠠᠬᠤ ᠶᠢ ᠢᠵᠢ ᠪᠦᠷᠢᠳᠦᠭᠦᠯᠬᠦ ᠵᠡᠷᠭᠡ ᠢᠨᠵᠧᠨᠧᠷᠢᠩ ᠢ ᠵᠠᠯᠭᠠᠪᠡᠷ ᠲᠡᠭᠦᠯᠳᠡᠷᠵᠢᠭᠦᠯᠦᠭᠰᠡᠨ ᠪᠥᠭᠡᠳ 2023 ᠣᠨ ᠤ 10 ᠰᠠᠷ᠎ᠠ ᠳᠤ ᠰᠠᠭᠤᠭᠠᠯᠢ ᠠᠷᠠᠳ ᠤᠨ ᠲᠣᠭᠤᠷᠢᠭ ᠲᠤ ᠵᠢᠩᠬᠢᠨᠢ ᠪᠠᠷ ᠳᠤᠯᠠᠭᠠᠯᠠᠵᠤ᠂ ᠰᠠᠭᠤᠭᠠᠯᠢ ᠠᠷᠠᠳ ᠤᠨ ᠤᠷᠤᠭᠰᠢᠲᠠᠢ ᠪᠠᠷ ᠣᠷᠣᠵᠤ ᠰᠠᠭᠤᠬᠤ ᠶᠢ ᠪᠠᠲᠤᠯᠠᠪᠠ᠃      ᠬᠡᠮᠡᠷᠯᠢᠭ ᠲᠤᠭ ᠨᠢ ᠤᠯᠠᠨ ᠲᠦᠮᠡᠨ ᠤ ᠠᠵᠢᠯ ᠤᠨ ᠲᠤᠬᠠᠢ ᠮᠡᠳᠡᠷᠡᠮᠵᠢ ᠶᠢ ᠠᠴᠢᠶᠠᠯᠠᠵᠤ᠂ ᠮᠠᠭᠲᠠᠨ ᠰᠠᠶᠢᠰᠢᠶᠠᠭᠰᠠᠨ ᠤ ᠠᠷᠤ ᠳᠤ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠤᠯᠠᠨ ᠲᠦᠮᠡᠨ ᠳᠤ ᠦᠢᠯᠡᠴᠢᠯᠡᠬᠦ ᠶᠢᠨ ᠴᠥᠬᠦᠷᠡᠰᠢ ᠦᠭᠡᠢ ᠴᠢᠷᠮᠠᠶᠢᠯᠭ᠎ᠠ ᠪᠤᠢ᠃ ᠲᠣᠭᠤᠷᠢᠭ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ︽ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠪᠣᠯ ᠠᠵᠤ ᠠᠬᠤᠶᠢᠯᠠᠯ ᠤᠨ ᠠᠮᠢᠨ ᠰᠤᠳᠠᠰᠤ ᠮᠥᠨ︾ ᠭᠡᠳᠡᠭ ᠢᠶᠠᠷ ᠠᠵᠢᠯ ᠤᠨ ᠢᠶᠠᠨ ᠭᠠᠷᠤᠭ᠎ᠠ ᠪᠠ ᠲᠤᠰᠤᠯᠳᠠ ᠪᠣᠯᠭᠠᠵᠤ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠪᠠᠶᠢᠴᠠᠭᠠᠨ ᠰᠤᠳᠤᠯᠬᠤ ᠶᠢᠨ ᠳᠠᠭᠠᠤ ᠠᠵᠢᠯ ᠢᠶᠠᠨ ᠰᠠᠶᠢᠵᠢᠷᠠᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠳᠠᠭᠠᠤ ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠬᠦ᠂ ᠪᠣᠳᠠᠲᠠᠶᠢᠵᠢᠬᠤ᠂ ᠰᠡᠳᠬᠢᠯ ᠰᠢᠭᠤᠳᠬᠤ ᠶᠢ ᠠᠬᠢᠭᠤᠯᠪᠠ᠃                     ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2