ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠡᠭᠦᠳᠦᠨ ᠪᠠᠶᠢᠭᠤᠯᠬᠤ ᠭᠠᠵᠠᠷ ᠤᠨ ᠳᠠᠷᠤᠭ᠎ᠠ ᠷᠧᠨ ᠯᠢ ᠬᠤᠸᠠ ᠵᠢᠨᠢᠩ ᠲᠣᠭᠤᠷᠢᠭ ᠲᠤ ᠬᠦᠷᠴᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/15
      11 ᠰᠠᠷ᠎ᠠ ᠶᠢᠨ 12᠎ ᠤᠨ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠡᠭᠦᠳᠦᠨ ᠪᠠᠶᠢᠭᠤᠯᠬᠤ ᠭᠠᠵᠠᠷ ᠤᠨ ᠳᠠᠷᠤᠭ᠎ᠠ ᠷᠧᠨ ᠯᠢ ᠬᠤᠸᠠ ᠵᠢᠨᠢᠩ ᠲᠣᠭᠤᠷᠢᠭ ᠲᠤ ᠬᠦᠷᠴᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ  ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠸᠧᠨ ᠵᠧ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠷᠧᠨ ᠯᠢ ᠬᠤᠸᠠ ᠠᠵᠢᠯᠴᠢᠨ ᠲᠠᠷᠢᠶᠠᠴᠢᠨ ᠵᠠᠮ ᠤᠨ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠳᠤ ᠬᠦᠷᠴᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠡᠵᠡᠩᠨᠡᠯᠲᠡ ᠶᠢᠨ ᠪᠠᠶᠢᠳᠠᠯ᠂ ᠵᠥᠭᠡᠯᠡᠨ ᠬᠠᠲᠠᠭᠤ ᠲᠤᠨᠤᠭ ᠲᠥᠬᠦᠭᠡᠷᠦᠮᠵᠢ᠂ ᠪᠣᠯᠪᠠᠰᠤᠨ ᠢᠲᠡᠭᠡᠮᠵᠢᠲᠡᠢ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠤ ᠵᠠᠬ᠎ᠠ ᠳᠡᠯᠭᠡᠭᠦᠷ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠣᠳᠣᠬᠠᠨ ᠤ ᠵᠠᠬ᠎ᠠ ᠳᠡᠯᠭᠡᠭᠦᠷ ᠢ ᠡᠭᠦᠳᠦᠨ ᠪᠠᠶᠢᠭᠤᠯᠬᠤ ᠠᠵᠢᠯ ᠢ ᠨᠤᠲᠠᠯᠠᠪᠠ᠃ ᠳᠠᠷᠠᠭ᠎ᠠ ᠨᠢ ᠵᠠᠬ᠎ᠠ ᠳᠡᠯᠭᠡᠭᠦᠷ ᠤᠨ ᠬᠤᠳᠠᠯᠳᠤᠭᠠᠴᠢᠨ ᠲᠠᠢ ᠰᠠᠨᠠᠯ ᠢᠶᠠᠨ ᠰᠣᠯᠢᠯᠴᠠᠵᠤ᠂ ︽ᠣᠶᠢᠷ᠎ᠠ ᠳᠤ ᠨᠣᠭᠤᠭ᠎ᠠ ᠶᠢᠨ ᠦᠨ᠎ᠡ ᠬᠡᠳᠦᠶ ᠪᠠᠶᠢᠬᠤ ᠪᠣᠶ︾ ︽ᠡᠭᠦᠳᠦᠨ ᠪᠠᠶᠢᠭᠤᠯᠬᠤ ᠠᠵᠢᠯ ᠳᠤ ᠶᠠᠮᠠᠷ ᠰᠠᠶᠢᠨ ᠰᠠᠨᠠᠯ ᠰᠠᠨᠠᠭᠤᠯᠭ᠎ᠠ ᠪᠠᠶᠢᠬᠤ ᠪᠣᠶ︾ ᠵᠡᠷᠭᠡ ᠠᠷᠠᠳ ᠣᠯᠠᠨ ᠤ ᠠᠷᠠᠳ ᠤᠨ ᠠᠮᠢᠳᠤᠷᠠᠯ ᠳᠤ ᠬᠤᠯᠪᠣᠭᠳᠠᠬᠤ ᠠᠰᠠᠭᠤᠳᠠᠯ ᠢ ᠯᠠᠪᠯᠠᠨ ᠠᠰᠠᠭᠤᠵᠠᠶ᠃       ᠪᠠᠶᠢᠴᠠᠭᠠᠨ ᠰᠤᠳᠤᠯᠤᠯᠲᠠ ᠶᠢᠨ ᠳᠤᠮᠳᠠ᠂ ᠷᠧᠨ ᠯᠢ ᠬᠤᠸᠠ  ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠲᠠᠯᠠᠪᠤᠷ ᠮᠥᠨ᠂ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠢᠷᠤᠮᠵᠢᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠶᠡᠭᠡ ᠲᠠᠯ᠎ᠠ ᠠᠴᠠ ᠪᠣᠳᠣᠯᠬᠢᠯᠠᠨ᠂ ᠪᠠᠭ᠎ᠠ ᠲᠠᠯ᠎ᠠ ᠠᠴᠠ ᠭᠠᠷᠳᠠᠵᠤ᠂ ᠨᠠᠷᠢᠨ ᠲᠠᠯ᠎ᠠ ᠠᠴᠠ ᠬᠦᠴᠦᠯᠡᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠢ ᠡᠭᠦᠳᠦᠨ ᠪᠠᠶᠢᠭᠤᠯᠬᠤ ᠠᠵᠢᠯ ᠤᠨ ᠳᠤᠮᠳᠠ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠬᠤ ᠬᠡᠷᠡᠭᠲᠡᠶ ᠭᠡᠵᠡᠶ᠃      ᠳᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠦᠷᠭᠦᠯᠵᠢᠯᠡᠨ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠵᠠᠬ᠎ᠠ ᠳᠡᠯᠭᠡᠭᠦᠷ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ ᠂ ᠴᠡᠪᠡᠷ ᠲᠡᠭᠰᠢ ᠪᠣᠯᠪᠠᠰᠤᠨ ᠡᠶ᠎ᠡ ᠵᠣᠬᠢᠴᠠᠩᠭᠤᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃                     ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2