ᠲᠤᠰᠬᠠᠢ ᠮᠡᠷᠭᠡᠵᠢᠯᠲᠡᠨ᠄ ᠬᠡᠦᠬᠡᠳ ᠲᠤ ᠡᠶᠢᠮᠦ ᠡᠮ ᠢ ᠥᠪᠡᠷᠲᠡᠭᠡᠨ ᠤᠤᠭᠤᠯᠭᠠᠬᠤ ᠶᠢ ᠰᠠᠨᠠᠭᠠᠴᠢᠯᠠᠬᠤ ᠦᠭᠡᠢ
ᠨᠡᠶᠢᠲᠡᠯᠡᠭᠰᠡᠨ ᠴᠠᠭ᠄
2023/11/17
        ᠣᠳᠣᠬᠠᠨ ᠳᠤ ᠣᠯᠠᠨ ᠵᠦᠢᠯ ᠤᠨ ᠠᠮᠢᠰᠬᠤᠯ ᠤᠨ  ᠵᠠᠮ ᠤᠨ  ᠡᠪᠡᠳᠴᠢᠨ  ᠳᠡᠯᠭᠡᠷᠡᠵᠦ  ᠪᠠᠶᠢᠨ᠎ᠠ᠂  13᠎ ᠤ  ᠡᠳᠦᠷ‌ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡ ᠨᠡᠶᠢᠲᠡᠯᠡᠬᠦ  ᠬᠤᠷᠠᠯ  ᠬᠢᠵᠦ᠂  ᠬᠤᠯᠪᠣᠭᠳᠠᠯ‌‍ᠪᠦ᠋ᠬᠦᠢ ᠲᠤᠰᠬᠠᠢ ᠮᠡᠷᠭᠡᠵᠢᠯᠲᠡᠨ ᠢ ᠤᠷᠢᠵᠤ ᠮᠠᠨ ᠤ ᠤᠯᠤᠰ ᠤᠨ ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ  ᠡᠪᠡᠳᠴᠢᠨ‌ᠡᠮᠭᠡᠭ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃            ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠮᠢ ᠹᠧᠩ᠄ ᠡᠯ᠎ᠡ ᠭᠠᠵᠠᠷ ᠤᠨ ᠬᠢᠨ ᠬᠤᠶᠢᠨ᠎ᠠ ᠬᠤᠶᠢᠨ᠎ᠠ ᠠᠴᠠ ᠪᠠᠨ ᠡᠪᠦᠯ ᠣᠷᠣᠬᠤ ᠶᠢ ᠳᠠᠭᠠᠯᠳᠤᠨ᠂ ᠠᠮᠢᠰᠬᠤᠯ ᠤᠨ ᠵᠠᠮ ᠤᠨ ᠡᠪᠡᠳᠴᠢᠨ ᠣᠯᠠᠨ‌ᠡᠭᠦᠰᠬᠦ ᠤᠯᠠᠷᠢᠯ ᠳᠤ ᠣᠷᠣᠵᠤ᠂  ᠣᠳᠣᠬᠠᠨ ᠳᠤ  ᠣᠯᠠᠨ  ᠵᠦᠢᠯ ᠤᠨ  ᠠᠮᠢᠰᠬᠤᠯ ᠤᠨ ᠵᠠᠮ ᠤᠨ ᠡᠪᠡᠳᠴᠢᠨ  ᠳᠠᠪᠬᠤᠴᠠᠨ‌‍ᠲ᠋ᠡᠯᠭᠡᠷᠡᠵᠦ ᠪᠠᠶᠢᠨ᠎ᠠ᠃ ᠡᠯ᠎ᠡ ᠭᠠᠵᠠᠷ ᠤᠨ ᠬᠢᠨ ᠤᠯᠠᠨ ᠡᠪᠡᠳᠴᠢᠨ ᠢ ᠵᠡᠷᠭᠡᠪᠡᠷ ᠰᠡᠷᠭᠡᠶᠢᠯᠡᠵᠦ ᠵᠡᠷᠭᠡᠪᠡᠷ ᠵᠠᠰᠠᠬᠤ ᠶᠢ ᠪᠠᠷᠢᠮᠲᠠᠯᠠᠵᠤ᠂ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ  ᠪᠡᠶᠡᠲᠦ᠂  ᠰᠢᠨ᠎ᠡ  ᠲᠢᠲᠢᠮᠯᠢᠭ  ᠸᠢᠷᠦ᠋ᠰ ᠤᠨ  ᠬᠠᠯᠳᠠᠪᠤᠷᠢᠯᠠᠯ᠂  ᠲᠠᠬᠤᠯ‌‍ᠲ᠋ᠠᠭᠰᠢᠭᠤᠷ᠂ ᠳ᠋ᠥ᠋ᠩᠬᠦ᠋ ᠬᠠᠯᠠᠭᠤᠷᠠᠯ᠂ ᠨᠦᠷᠦ᠋ ᠸᠢᠷᠦ᠋ᠰ ᠤᠨ ᠬᠠᠯᠳᠠᠪᠤᠷᠢᠯᠠᠯ  ᠵᠡᠷᠭᠡ  ᠳᠡᠯᠭᠡᠷᠡᠵᠦ  ᠪᠠᠶᠢᠭ᠎ᠠ  ᠪᠠᠶᠢᠳᠠᠯ ᠢ  ᠨᠢᠭᠲᠠ‌ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠸᠢᠷᠦ᠋ᠰ ᠤᠨ ᠠᠵᠢᠯᠯᠠᠭ᠎ᠠ ᠶᠢᠨ ᠬᠦᠴᠦᠯᠡᠴᠡ᠂ᠸᠢᠷᠦ᠋ᠰ ᠤᠨ ᠣᠨᠳᠣᠣᠰᠢᠯ  ᠵᠡᠷᠭᠡ  ᠬᠤᠪᠢᠷᠠᠯᠲᠠ ᠶᠢ  ᠡᠵᠡᠮᠰᠢᠬᠦ  ᠬᠡᠷᠡᠭᠲᠡᠢ︔  ᠬᠥᠳᠡᠭᠡ  ᠲᠣᠰᠬᠤᠨ ᠤ  ᠭᠠᠵᠠᠷ  ᠣᠷᠣᠨ᠂ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠶ‌ᠭᠠᠵᠠᠷ ᠣᠷᠣᠨ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠬᠦ ᠪᠠ ᠡᠷᠡᠭᠦᠯ ᠮᠡᠨᠳᠦ ᠵᠢᠨ‌ᠬᠠᠮᠢᠶᠠᠷᠤᠯᠲᠠ ᠶᠢ ᠴᠢᠩᠭᠠᠳᠬᠠᠬᠤ  ᠬᠡᠷᠡᠭᠲᠡᠢ︔ ᠨᠠᠰᠤᠲᠠᠶᠢᠴᠤᠳ᠂  ᠰᠠᠭᠤᠷᠢ  ᠴᠢᠨᠠᠷᠲᠠᠢ  ᠡᠪᠡᠳᠴᠢᠲᠡᠨ᠂  ᠬᠡᠦᠬᠡᠳ  ᠵᠡᠷᠭᠡ‌ᠭᠤᠣᠯᠳᠠᠯᠭ᠎ᠠ ᠲᠠᠢ  ᠬᠥᠮᠥᠰ ᠢ ᠳᠠᠭᠠᠵᠤ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠸᠠᠺᠼᠢᠨ ᠤ   ᠲᠠᠷᠢᠯᠭ᠎ᠠ ᠵᠢᠨ‌ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃             ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ  ᠸᠠᠩ  ᠴᠢᠤᠸᠠᠨ᠄  ᠭᠡᠷ ᠤᠨ  ᠠᠬᠠᠮᠠᠳ‌‍ᠬᠡᠦᠬᠡᠳ ᠲᠡᠭᠡᠨ  ᠠᠼᠠᠮᠢᠼᠢᠨ  ︵阿奇霉素︶  ᠵᠡᠷᠭᠡ  ᠡᠮ ᠢ  ᠦᠪᠡᠷ ᠤᠨ  ᠰᠠᠨᠠᠭ᠎ᠠ ᠪᠠᠷ ᠢᠶᠠᠨ ᠤᠤᠭᠤᠯᠭᠠᠬᠤ ᠵᠢ‌‍ᠰᠠᠨᠠᠭᠠᠴᠢᠯᠠᠬᠤ ᠦᠭᠡᠢ᠃ ᠣᠳᠣᠬᠠᠨ ᠳᠤ ᠪᠣᠯ ᠬᠡᠦᠬᠡᠳ ᠤᠨ ᠠᠮᠢᠰᠬᠤᠯ ᠤᠨ ᠵᠠᠮ ᠤᠨ ᠡᠪᠡᠳᠴᠢᠨ  ᠣᠯᠠᠨ  ᠡᠭᠦᠰᠬᠦ  ᠤᠯᠠᠷᠢᠯ‌ᠮᠥ᠋ᠨ᠂ ᠬᠡᠳᠦᠶᠢᠪᠡᠷ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ ᠶᠢᠨ ᠬᠠᠯᠳᠠᠪᠤᠷᠢᠯᠠᠯ ᠤᠨ ᠡᠵᠡᠯᠡᠬᠦ ᠬᠠᠷᠢᠴᠠᠯ ᠨᠢ‌‍ᠪᠠᠭ᠎ᠠ ᠪᠤᠰᠤ ᠪᠣᠯᠪᠠᠴᠤ᠂ ᠪᠦᠬᠦᠯᠢ ᠴᠣᠭᠴᠠ ᠠᠴᠠ ᠨᠢ ᠠᠪᠴᠤ ᠦᠵᠡᠪᠡᠯ᠂ ᠸᠢᠷᠦ᠋ᠰ ᠪᠣᠯ ᠮᠥᠨ ᠯᠡ ᠣᠳᠣᠬᠠᠨ ᠤ ᠬᠡᠦᠬᠡᠳ ‍ᠦᠨ‌ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠬᠠᠮᠤᠭ ᠤᠨ ᠣᠯᠠᠨ ᠲᠣᠬᠢᠶᠠᠯᠳᠤᠳᠠᠭ ᠡᠪᠡᠳᠴᠢᠨ ᠡᠭᠦᠰᠬᠡᠭᠴᠢ ᠮᠥᠨ᠂ ᠠᠼᠠᠮᠢᠼᠢᠨ‌ᠨᠢ ᠸᠢᠷᠦ᠋ᠰ ᠤᠨ ᠬᠠᠯᠳᠠᠪᠤᠷᠢᠯᠠᠯ ᠳᠤ ᠲᠤᠰᠠ ᠪᠣᠯᠬᠤ ᠦᠭᠡᠢ᠂ ᠠᠼᠠᠮᠢᠼᠢᠨ ᠢᠶᠠᠷ ᠸᠢᠷᠦ᠋ᠰ ᠤᠨ ᠬᠠᠯᠳᠠᠪᠤᠷᠢᠯᠠᠯ ᠢ ᠵᠠᠰᠠᠬᠤ ᠨᠢ ᠴᠦ‌ᠵᠣᠬᠢᠰ ᠦᠭᠡᠢ ᠶᠤᠮ᠃ ᠡᠮ ᠢ ᠳᠤᠷ᠎ᠠ ᠪᠠᠷ ᠢᠶᠠᠨ ᠬᠡᠷᠡᠭᠯᠡᠪᠡᠯ ᠬᠡᠦᠬᠡᠳ ᠲᠤ ᠮᠠᠭᠤ ᠦᠢᠯᠡᠳᠦᠯ ᠭᠠᠷᠭᠠᠵᠤ ᠮᠡᠳᠡᠨ᠎ᠡ᠂ ᠠᠷᠾᠢᠮᠢᠼᠢᠨ‌‍ᠪᠣᠯ ᠵᠣᠷ ᠤᠨ ᠡᠮ ᠪᠣᠯᠬᠤᠷ ᠡᠮᠴᠢ ᠶᠢᠨ ᠵᠢᠯᠣᠭᠤᠳᠤᠯᠭ᠎ᠠ ᠪᠠᠷ  ᠳᠦᠷᠢᠮᠵᠢᠭᠦᠯᠦᠨ  ᠬᠡᠷᠡᠭᠯᠡᠪᠡᠯ  ᠵᠣᠬᠢᠨ᠎ᠠ᠂  ᠡᠭᠦᠨ ᠳᠤ  ᠡᠮ ‍ᠦᠨ‌‍ᠬᠡᠮᠵᠢᠶ᠎ᠡ ᠎ ᠨᠢ ᠲᠣᠬᠢᠷᠠᠮᠵᠢᠲᠠᠢ᠂ ᠡᠮᠴᠢᠯᠡᠭᠡᠨ ᠤ ᠬᠤᠭᠤᠴᠠᠭ᠎ᠠ ᠨᠢ ᠲᠣᠬᠢᠷᠠᠮᠵᠢᠲᠠᠢ᠂ ᠡᠮ ᠥᠭᠬᠦ ᠠᠷᠭ᠎ᠠ ᠵᠠᠮ ᠨᠢ  ᠵᠥᠪ  ᠵᠡᠷᠭᠡ ᠵᠢ‌‍ᠪᠠᠭᠲᠠᠭᠠᠨ᠎ᠠ᠃ ᠭᠡᠷ ᠤᠨ ᠠᠬᠠᠮᠠᠳ ᠲᠤ ᠰᠠᠨᠠᠭᠤᠯᠬᠤ ᠨᠢ᠂ ᠬᠡᠦᠬᠡᠳ ᠪᠣᠯ ᠨᠠᠰᠤᠨ ᠳᠤ  ᠭᠦᠷᠦᠭᠰᠡᠳ ᠤᠨ  ᠪᠠᠭᠠᠰᠬᠠᠭᠰᠠᠨ  ᠬᠡᠪ‌‍ᠪᠢᠰᠢ᠂ ᠳᠤᠷ᠎ᠠ ᠪᠠᠷ ᠢᠶᠠᠨ ᠡᠮ ᠬᠡᠷᠡᠭᠯᠡᠵᠦ ᠪᠣᠯᠬᠤ ᠦᠭᠡᠢ᠂ ᠠᠶᠤᠯᠭᠦᠢ  ᠴᠢᠨᠠᠷ  ᠪᠠ  ᠪᠦᠲᠦᠮᠵᠢᠲᠡᠶ  ᠴᠢᠨᠠᠷ ᠢ ᠎ ᠨᠢ  ᠠᠩᠬᠠᠷᠬᠤ ᠬᠡᠷᠡᠭᠲᠡᠢ᠃            ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ ᠸᠠᠩ ᠴᠢᠤᠸᠠᠨ  ᠲᠠᠨᠢᠯᠴᠠᠭᠤᠯᠬᠤ ᠳᠠᠭᠠᠨ᠂ᠬᠡᠦᠬᠡᠳ ᠪᠣᠯ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ ᠶᠢᠨ ᠬᠠᠯᠳᠠᠪᠤᠷᠢᠯᠠᠯ ᠤᠨ ᠣᠯᠠᠨ ᠡᠭᠦᠰᠳᠡᠭ  ᠬᠥᠮᠥᠰ‌ᠮᠥ᠋ᠨ᠃ ᠡᠭᠦᠨ ᠤ ᠰᠢᠯᠲᠠᠭᠠᠨ ᠨᠢ  ①ᠬᠡᠦᠬᠡᠳ ᠤᠨ  ᠡᠭᠡᠯᠢᠯᠡᠭᠡ ᠶᠢᠨ  ᠰᠢᠰᠲ᠋ᠧᠮ ᠤᠨ  ᠪᠤᠶᠢᠵᠢᠯᠲᠠ ᠎ ᠨᠢ  ᠪᠦᠷᠢᠨ  ᠪᠤᠰᠤ᠂ᠣᠨᠴᠠᠭᠠᠶ ᠴᠢᠨᠠᠷ ᠪᠠ ᠣᠨᠴᠠᠭᠠᠶ ᠪᠤᠰᠤ ᠴᠢᠨᠠᠷ ᠤᠨ ᠡᠭᠡᠯᠢᠯᠡᠭᠡ ᠶᠢᠨ  ᠴᠢᠳᠠᠪᠤᠷᠢ ᠎ ᠨᠢ  ᠪᠦᠷ  ᠲᠡᠶᠢᠮᠦ  ᠪᠣᠯᠪᠠᠰᠤᠷᠠᠩᠭᠤᠢ  ᠪᠢᠰᠢ‌‍ᠪᠠᠶᠢᠬᠤ ᠳᠤ ᠣᠷᠣᠰᠢᠨ᠎ᠠ᠃ ②ᠠᠭᠤᠰᠬᠢᠨ ᠤ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ ᠶᠢᠨ ᠲᠤᠰ ᠪᠡᠶ᠎ᠡ ᠶᠢᠨ ᠲᠠᠷᠬᠠᠬᠤ‌‍ᠴᠢᠨᠠᠷ ᠨᠢ ᠴᠢᠩᠭ᠎ᠠ᠂ ᠠᠮᠢᠰᠬᠤᠯ ᠤᠨ ᠵᠠᠮ ᠤᠨ  ᠦᠰᠦᠷᠳᠡᠰᠦ ᠪᠠᠷ  ᠪᠤᠶᠤ  ᠨᠢᠭᠲᠠ  ᠬᠦᠷᠦᠯᠴᠡᠬᠦ ᠪᠠᠷ  ᠳᠠᠮᠵᠢᠨ  ᠲᠠᠷᠬᠠᠳᠠᠭ᠂ᠡᠭᠦᠨ ᠤ ᠳᠡᠭᠡᠷ᠎ᠡ ᠰᠤᠷᠭᠠᠭᠤᠯᠢ ᠪᠠ ᠬᠡᠦᠬᠡᠳ ᠤᠨ  ᠴᠡᠴᠡᠷᠯᠢᠭ ᠤᠨ  ᠬᠥᠮᠥᠰ ᠤᠨ  ᠪᠥᠭᠡᠮᠨᠡᠷᠡᠯ ᠤᠨ  ᠬᠡᠮᠵᠢᠶ᠎ᠡ ᠎ ᠨᠢ  ᠨᠡᠯᠢᠶᠡᠳ‌ᠥᠨᠳᠥᠷ᠂ ᠡᠪᠡᠳᠴᠢᠨ ᠡᠭᠦᠰᠬᠡᠭᠴᠢ ᠨᠡᠯᠢᠶᠡᠳ ᠲᠦᠷᠭᠡᠨ ᠲᠠᠷᠬᠠᠳᠠᠭ᠃ ③ ᠰᠠᠯᠠᠭᠠᠲᠤ ᠠᠩᠬᠠᠨ ᠤ ᠪᠡᠶᠡᠲᠦ ᠶᠢᠨ ᠠᠭᠤᠰᠬᠢᠨ ‍ᠤ‌ᠦᠷᠪᠢᠰᠦᠯ ᠤᠨ ᠬᠠᠯᠳᠠᠪᠤᠷᠢᠯᠠᠯ ᠤᠨ ᠨᠢᠭᠤᠭᠳᠠᠬᠤ ᠬᠤᠭᠤᠴᠠᠭ᠎ᠠ ᠨᠢ ᠬᠠᠷᠢᠴᠠᠩᠭᠤᠢ ᠪᠠᠷ ᠨᠡᠯᠢᠶᠡᠳ  ᠤᠷᠲᠤ᠂  ᠶᠡᠷᠦ ᠳᠡᠭᠡᠨ  1ᠭᠠᠷᠠᠭ ᠠᠴᠠ 4 ᠭᠠᠷᠠᠭ᠂  ᠲᠡᠭᠰᠢᠳᠬᠡᠭᠡᠳ  3  ᠭᠠᠷᠠᠭ  ᠣᠷᠴᠢᠮ᠂  ᠡᠪᠡᠳᠴᠢᠨ  ᠡᠭᠦᠰᠬᠡᠭᠴᠢ ᠶᠢ  ᠠᠪᠴᠤ  ᠶᠠᠪᠤᠭᠰᠠᠳ᠂ᠡᠪᠡᠳᠴᠢᠯᠡᠭᠰᠡᠨ ᠬᠥᠮᠥᠰ ᠪᠦᠷ ᠨᠢᠭᠡᠨ ᠬᠡᠮᠵᠢᠶᠡᠨ ᠤ  ᠬᠠᠯᠳᠠᠪᠤᠷᠢᠯᠠᠬᠤ  ᠴᠢᠨᠠᠷ ᠲᠠᠢ᠂  ᠰᠣᠯᠪᠢᠴᠠᠨ  ᠬᠠᠯᠳᠠᠪᠤᠷᠢᠯᠠᠬᠤ  ᠲᠣᠬᠢᠶᠠᠯ ᠣᠯᠠᠨ ᠪᠠᠶᠢᠳᠠᠭ ᠶᠤᠮ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2