【ᠭᠤᠣᠯ ᠰᠡᠳᠦᠪᠲᠦ ᠬᠥᠮᠦᠵᠢᠯ 】ᠵᠢᠨᠢᠩ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2023/11/17
705470.jpg
    11 ᠰᠠᠷ᠎ᠠ ᠶᠢᠨ 16᠎ ᠤ ᠡᠳᠦᠷ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠬᠢ ᠶᠢ ᠡᠷᠬᠢᠯᠡᠪᠡ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠬᠦᠨ᠂  ᠰᠢᠭᠦᠬᠦ ᠬᠤᠷᠢᠶ᠎ᠠ ᠪᠠᠶᠢᠴᠠᠭᠠᠬᠤ  ᠬᠤᠷᠢᠶ᠎ᠠ ᠶᠢᠨ ᠬᠤᠶᠠᠷ ᠳᠠᠷᠤᠭ᠎ᠠ ᠨᠣᠮ ᠤᠩᠰᠢᠬᠤ ᠠᠩᠭᠢ ᠳᠤ ᠣᠷᠣᠯᠴᠠᠪᠠ᠃     ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠧᠦ ᠲᠤᠤ ᠷᠠᠨ ᠬᠤᠷᠠᠯ ᠡᠷᠭᠢᠯᠡᠪᠡ᠃    ᠨᠣᠮ ᠤᠩᠰᠢᠬᠤ ᠠᠩᠭᠢ ᠳᠤ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ ᠯᠢᠦ ᠶᠠᠨ ᠢ ᠤᠷᠢᠵᠤ ︽ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭᠠᠨ ᠤ ᠰᠤᠳᠤᠯᠤᠯ︾ ᠭᠡᠬᠦ ᠰᠡᠳᠦᠪ ᠢᠶᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠵᠡᠶ᠃ ᠰᠢ ᠶᠢᠨ ᠫᠢᠩ  ᠤᠨ ᠠᠮᠢ ᠠᠬᠤᠶ ᠶᠢᠨ ᠪᠣᠯᠪᠠᠰᠤᠨ ᠎ ᠤ ᠦᠵᠡᠯ ᠰᠠᠨᠠᠭᠠᠨ  ᠤ ᠤᠨᠤᠯ  ᠤᠨ ᠡᠬᠢ ᠰᠤᠷᠪᠤᠯᠵᠢ᠂ ᠪᠤᠢ ᠪᠣᠯᠤᠭᠰᠠᠨ ᠶᠠᠪᠤᠴᠠ᠂ ᠭᠤᠣᠯ ᠴᠢᠬᠤᠯᠠ ᠠᠭᠤᠯᠭ᠎ᠠ ᠂ ᠦᠵᠡᠯ ᠰᠠᠨᠠᠭᠠᠨ  ᠤ ᠬᠦᠴᠦᠨ ᠪᠠ ᠦᠢᠯᠡᠳᠦᠯᠭᠡ ᠶᠢᠨ ᠠᠤᠭ᠎ᠠ ᠬᠦᠴᠦᠨ ᠵᠡᠷᠭᠡ ᠲᠠᠯ᠎ᠠ ᠠᠴᠠ ᠭᠦᠨᠵᠡᠭᠡᠶ ᠲᠠᠶᠢᠯᠪᠤᠷᠢᠯᠠᠵᠤ᠂ ᠂ ᠪᠥᠬᠦ ᠲᠠᠯ᠎ᠠ ᠪᠠᠷ  ᠰᠢᠰᠲ᠋ᠧᠮ ᠲᠠᠢ ᠮᠥᠷᠲᠡᠭᠡᠨ ᠭᠤᠣᠯᠳᠠᠯᠭ᠎ᠠ ᠶᠢ ᠲᠤᠪᠤᠶᠢᠯᠭᠠᠨ᠂ ᠮᠠᠰᠢ ᠴᠢᠩᠭ᠎ᠠ ᠴᠢᠭᠯᠡᠭᠦᠯᠦᠯᠲᠦ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠮᠠᠨ  ᠤ  ᠲᠤᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠠᠵᠢᠯ  ᠢ ᠰᠠᠶᠢᠲᠤᠷ ᠬᠢᠬᠦ ᠳᠤ ᠪᠣᠳᠠᠲᠠᠶ ᠰᠡᠳᠬᠢᠴᠡ ᠪᠠ ᠠᠷᠭ᠎ᠠ ᠶᠢ ᠬᠠᠩᠭᠠᠭᠰᠠᠨ ᠪᠠᠶᠢᠨ᠎ᠠ᠃     ᠲᠣᠰ ᠤᠳᠠᠭᠠᠨ ᠤ ᠨᠣᠮ ᠤᠩᠰᠢᠬᠤ ᠠᠩᠭᠢ ᠨᠢ ᠬᠤᠶᠠᠷ ᠡᠳᠦᠷ ᠤᠨ ᠬᠤᠭᠤᠴᠠᠭ᠎ᠠ ᠲᠠᠢ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠥᠪᠡᠷ ᠢᠶᠠᠨ ᠲᠥᠪᠯᠡᠷᠡᠭᠦᠯᠦᠨ ᠰᠤᠷᠤᠯᠴᠠᠬᠤ᠂ ᠨᠣᠮ ᠤᠩᠰᠢᠬᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠲᠤᠬᠠᠶ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠰᠢᠰᠲ᠋ᠧᠮ ᠲᠠᠢ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠎ ᠢ ᠬᠢᠨᠠᠮᠠᠭᠠᠶ ᠰᠤᠳᠤᠯᠤᠨ ᠤᠩᠰᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ︾ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪᠲᠦ ᠲᠡᠭᠦᠪᠦᠷᠢ︾ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠥᠭᠦᠯᠡᠬᠦ ᠨᠢ︾ ᠵᠢᠴᠢ ᠰᠢ ᠶᠢᠨ ᠫᠢᠩ ᠤᠨ ᠶᠡᠷᠦᠩᠬᠡᠢ ᠱᠦᠵᠢ ᠶᠢᠨ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠰᠤᠷᠤᠯᠴᠠᠵᠠᠢ᠃       ᠪᠦᠬᠦ  ᠲᠤᠭᠤᠷᠢᠭ ᠤᠨ ᠵᠢᠩᠬᠢᠨᠢ ᠰᠠᠯᠠᠭ᠎ᠠ ᠶᠢᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠲᠤᠰᠬᠠᠢ ᠰᠡᠳᠦᠪᠲᠦ ᠲᠠᠶᠢᠯᠤᠮᠵᠢ ᠳᠤ ᠣᠷᠣᠯᠴᠠᠪᠠ᠃                      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2