ᠵᠠᠩ ᠶᠦᠩ ᠸᠧᠨ ᠮᠠᠨ ᠤ ᠲᠤᠭᠤᠷᠢᠭ ᠤᠨ ᠮᠥᠰᠥ ᠴᠠᠰᠤᠨ ᠤ ᠲᠠᠮᠢᠷ ᠤᠨ ᠤᠯᠠᠷᠢᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/27
705470.jpg
    11 ᠳ᠋ᠦ᠋ᠭᠡᠷ ᠰᠠᠷ᠎ᠠ ᠶᠢᠨ 25᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠮᠠᠨ ᠤ ᠲᠤᠭᠤᠷᠢᠭ ᠤᠨ ᠮᠥᠰᠥ ᠴᠠᠰᠤᠨ ᠤ ᠲᠠᠮᠢᠷ ᠤᠨ ᠤᠯᠠᠷᠢᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ ᠃       ᠵᠠᠩ ᠶᠦᠩ ᠸᠧᠨ ᠤᠷᠢᠳ ᠬᠤᠵᠢᠳ ᠴᠠᠬᠠᠷ ᠴᠠᠰᠤᠨ ᠳᠤ ᠭᠤᠯᠭᠤᠬᠤ ᠲᠠᠯᠠᠪᠠᠶ᠂ ᠳ᠋ᠠ ᠾᠧ ᠸᠠᠨ ᠴᠠᠰᠤᠨ ᠳᠤ ᠭᠤᠯᠭᠤᠬᠤ ᠲᠠᠯᠠᠪᠠᠶ ᠳᠤ ᠬᠦᠷᠴᠦ᠂ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ᠂  ᠲᠥᠬᠦᠭᠡᠷᠦᠮᠵᠢ ᠶᠢᠨ ᠲᠣᠬᠢᠷᠠᠭᠤᠯᠤᠯᠲᠠ᠂ ᠬᠠᠮᠢᠶᠠᠷᠤᠯᠲᠠ ᠡᠵᠡᠩᠨᠡᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂  ᠴᠠᠰᠤᠨ ᠳᠤ ᠭᠤᠯᠭᠤᠬᠤ ᠲᠠᠯᠠᠪᠠᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠷᠤᠯᠳᠤᠭᠠᠨ ᠤ ᠠᠵᠢᠯᠯᠠᠭ᠎ᠠ ᠶᠢᠨ ᠪᠡᠯᠡᠳᠬᠡᠯ᠂ ᠠᠶᠠᠨᠴᠢᠳ ᠤᠨ ᠲᠤᠭ᠎ᠠ ᠬᠡᠮᠵᠢᠶ᠎ᠡ ᠪᠣᠯᠤᠨ ᠪᠠᠭᠤᠳᠠᠯ ᠳᠤ ᠰᠠᠭᠤᠬᠤ ᠨᠤᠷᠮ᠎ᠠ᠂ ᠦᠢᠯᠡᠴᠢᠯᠡᠭᠡᠨ ᠤ ᠲᠦᠷᠦᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠴᠠᠢ᠃        ᠵᠠᠩ ᠶᠦᠩ ᠸᠧᠨ ᠬᠡᠯᠡᠬᠦ ᠳᠡᠭᠡᠨ ᠂ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠮᠥᠰᠥ ᠴᠠᠰᠤᠨ ᠤ ᠠᠵᠢᠯᠯᠠᠭ᠎ᠠ ᠶᠢᠨ ᠢᠯᠡᠳᠬᠡᠮᠵᠢ ᠳᠡᠮᠳᠡᠭ᠂ ᠤᠬᠠᠭᠤᠯᠭ᠎ᠠ ᠶᠢᠨ ᠰᠠᠮᠪᠠᠷ᠎ᠠ ᠶᠢ ᠨᠡᠮᠡᠨ ᠭᠠᠷᠭᠠᠵᠤ᠂ ᠮᠥᠰᠥ ᠴᠠᠰᠤᠨ ᠤ ᠲᠠᠮᠢᠷ ᠤᠨ ᠤᠯᠠᠷᠢᠯ ᠤᠨ ᠠᠵᠢᠯᠯᠠᠭ᠎ᠠ ᠪᠣᠯᠤᠨ ᠮᠥᠰᠥ ᠴᠠᠰᠤᠨ ᠤ ᠵᠤᠭᠠᠴᠠᠯ ᠢ ᠤᠭᠲᠤᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠤᠬᠠᠭᠤᠯᠭ᠎ᠠ ᠪᠣᠷᠣᠯᠠᠭᠤᠯᠭ᠎ᠠ ᠶᠢ ᠴᠢᠩᠭᠠᠳᠬᠠᠵᠤ᠂ ᠮᠥᠰᠥ ᠴᠠᠰᠤᠨ ᠤ ᠲᠦᠷᠦᠯ ᠲᠡᠮᠳᠡᠭ ᠢ ᠡᠭᠦᠳᠴᠦ᠂ ᠮᠥᠰᠥ ᠴᠠᠰᠤᠨ ᠤ ᠠᠵᠢᠯᠯᠠᠭ᠎ᠠ ᠪᠣᠯᠤᠨ ᠤᠷᠤᠯᠳᠤᠭᠠᠨ ᠤ ᠶᠠᠪᠤᠳᠠᠯ ᠳᠤ ᠣᠷᠣᠯᠴᠠᠬᠤ ᠴᠢᠨᠠᠷ᠂ ᠬᠥᠳᠡᠯᠦᠯᠴᠡᠬᠦ ᠴᠢᠨᠠᠷ ᠪᠣᠯᠤᠨ ᠵᠤᠭ᠎ᠠ ᠴᠡᠩᠭᠡᠯ ᠤᠨ ᠴᠢᠨᠠᠷ ᠢ ᠳᠡᠭᠡᠭᠰᠢᠯᠡᠭᠦᠯᠵᠦ᠂ ᠨᠡᠩ ᠤᠯᠠᠨ ᠬᠥᠮᠦᠰ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠡᠪᠦᠯ ᠤᠨ ᠤᠯᠠᠷᠢᠯ ᠤᠨ  ᠵᠤᠭᠠᠴᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠤᠨᠴᠠᠯᠢᠬᠳᠤ ᠵᠤᠭᠠᠴᠠᠯ ᠤᠨ ᠠᠭᠤᠯᠭ᠎ᠠ ᠪᠣᠯᠤᠨ ᠦᠵᠡᠮᠵᠢ ᠶᠢᠨ ᠣᠷᠣᠨ ᠤ ᠬᠢᠯᠠᠰ ᠴᠡᠭ ᠢ ᠲᠥᠯᠥᠪᠵᠢᠭᠦᠯᠵᠦ᠂ ᠵᠤᠭᠠᠴᠠᠭᠰᠠᠳ ᠲᠤ ᠰᠠᠶᠢᠨ ᠰᠠᠶᠢᠬᠠᠨ ᠵᠤᠭᠠᠴᠠᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃      ᠵᠠᠩ ᡁᠢ ᠷᠦᠩ᠂ ᠯᠢ ᠯᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2