ᠵᠢᠨᠢᠩ ᠲᠣᠭᠤᠷᠢᠭ ᠤᠨ ᠠᠵᠢᠯ ᠣᠯᠭᠤᠵᠤ ᠦᠢᠯᠡᠰ ᠪᠤᠰᠬᠠᠬᠤ ᠠᠵᠢᠯ ᠵᠢᠱᠢᠭᠰᠡᠨ ᠬᠠᠷᠠᠯᠲᠠ ᠳᠤ ᠪᠠᠨ ᠬᠦᠷᠪᠡ
ᠨᠡᠶᠢᠲᠡᠯᠡᠭᠰᠡᠨ ᠴᠠᠭ᠄
2023/11/30
     2023 ᠣᠨ ᠳᠤ᠂ ᠵᠢᠨᠢᠩ ᠲᠣᠭᠤᠷᠢᠭ ᠤᠨ ᠬᠢᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ᠂ ︽ᠲᠠᠪᠤᠨ ᠶᠡᠭᠡ ᠠᠵᠤ ᠠᠬᠤᠢ︾᠎ ᠶᠢ ᠬᠥᠭᠵᠢᠭᠦᠯᠬᠦ ᠲᠠᠢ ᠨᠢᠭᠲᠠ ᠤᠶᠠᠯᠳᠤᠭᠤᠯᠤᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠴᠢᠩᠭᠠᠷᠠᠭᠤᠯᠵᠤ᠂ ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠪᠦᠲᠦᠮᠵᠢᠲᠡᠶ ᠬᠡᠷᠡᠭᠵᠢᠭᠦᠯᠵᠦ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠶᠡᠭᠡ ᠪᠠᠷ ᠠᠬᠢᠭᠤᠯᠤᠨ᠂ ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ ᠃      11 ᠰᠠᠷ᠎ᠠ ᠶᠢᠨ ᠳᠤᠮᠳᠠᠴᠢ ᠪᠣᠯᠲᠠᠯ᠎ᠠ᠂ ᠬᠤᠲᠠ ᠪᠠᠯᠭᠠᠰᠤᠨ ᠳᠤ 2450 ᠬᠥᠮᠥᠨ ᠰᠢᠨ᠎ᠡ ᠪᠠᠷ ᠠᠵᠢᠯ ᠣᠯᠵᠤ᠂ ᠪᠥᠬᠦ ᠵᠢᠯ ᠤᠨ ᠡᠭᠦᠷᠭᠡ ᠪᠠᠨ 2700 ᠬᠥᠮᠥᠨ ᠤ 90.8%᠎ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠠᠵᠢᠯ ᠠᠯᠳᠠᠭᠰᠠᠳ ᠲᠤ 1918 ᠬᠥᠮᠥᠨ ᠳᠠᠬᠢᠨ ᠠᠵᠢᠯ ᠣᠯᠭᠤᠵᠤ᠂ ᠪᠥᠬᠦ ᠵᠢᠯ ᠳᠤ 1080 ᠬᠥᠮᠥᠨ ᠤ ᠡᠭᠦᠷᠭᠡ ᠪᠠᠨ 177.6%᠎ ᠶᠢ ᠪᠡᠶᠡᠯᠡᠭᠦᠯᠵᠦ᠂ ᠠᠵᠢᠯ ᠣᠯᠬᠤ ᠳᠤ ᠬᠦᠴᠢᠷᠲᠡᠢ 955 ᠬᠥᠮᠥᠨ ᠳᠤ ᠠᠵᠢᠯ ᠣᠯᠭᠤᠵᠤ᠂ ᠪᠥᠬᠦ ᠵᠢᠯ ᠳᠤ 1120 ᠬᠥᠮᠥᠨ ᠤ ᠡᠭᠦᠷᠭᠡ ᠪᠠᠨ 85.3%᠎ ᠶᠢ ᠪᠡᠶᠡᠯᠡᠭᠦᠯᠵᠦ᠂ ᠬᠥᠳᠡᠭᠡ ᠲᠣᠰᠬᠤᠨ ᠤ 16158 ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠪᠥᠬᠦ ᠵᠢᠯ ᠳᠤ 13950 ᠬᠥᠮᠥᠨ ᠤ ᠡᠭᠦᠷᠭᠡ ᠪᠠᠨ 116%᠎ ᠶᠢ ᠪᠡᠶᠡᠯᠡᠭᠦᠯᠵᠡᠢ᠃ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠬᠥᠳᠡᠯᠦᠩᠬᠦᠢ ᠪᠠᠶᠢᠳᠠᠯ ᠢ ᠨᠢᠭᠡ ᠴᠦ ᠦᠭᠡᠢ ᠪᠣᠯᠭᠠᠬᠤ ᠬᠠᠷᠠᠯᠲᠠ ᠶᠢ ᠪᠡᠶᠡᠯᠡᠭᠦᠯᠪᠡ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2