| | | | | | 11 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠵᠢᠨᠢᠩ ᠲᠣᠭᠤᠷᠢᠭ ᠤᠨ ︽ᠲᠠᠪᠤᠨ ᠦᠨᠳᠦᠰᠦᠨ ᠵᠦᠶᠯ ᠢ ᠡᠬᠢᠯᠡᠭᠦᠯᠬᠦ︾ ᠶᠢ ᠠᠬᠢᠭᠤᠯᠤᠭᠰᠠᠨ | ᠪᠠᠶᠢᠳᠠᠯ ᠪᠠ ᠬᠡᠰᠡᠭ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ | ᠬᠤᠯᠪᠣᠭᠳᠠᠯ ᠪᠥᠬᠦᠶ ᠵᠦᠶᠯᠡᠰ ᠢ ᠰᠤᠳᠤᠯᠵᠠᠶ᠃ | ᠬᠤᠷᠠᠯ ᠠᠴᠠ ᠵᠢᠨᠢᠩ ᠲᠣᠭᠤᠷᠢᠭ ᠤᠨ ᠵᠥᠪᠰᠢᠶᠡᠷᠡᠭᠰᠡᠨ ᠰᠤᠯᠠ ᠪᠠᠶᠢᠬᠤ ᠭᠠᠵᠠᠷ ᠰᠢᠷᠣᠢ ᠶᠢ ᠦᠨᠳᠦᠰᠦᠨ ᠠᠴᠠ ᠨᠢ | ᠡᠬᠢᠯᠡᠨ ᠪᠦᠳᠦᠭᠡᠨ ᠪᠠᠶᠢᠭᠤᠯᠤᠭᠰᠠᠨ ᠵᠢᠴᠢ ᠬᠡᠰᠡᠭ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠮᠤᠭ ᠤᠨ ᠪᠣᠳᠠᠲᠠᠢ ᠠᠷᠭ᠎ᠠ | ᠬᠡᠮᠵᠢᠶ᠎ᠡ᠂ ᠬᠠᠮᠤᠭ ᠤᠨ ᠴᠢᠩᠭ᠎ᠠ ᠣᠪᠣᠷ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠡᠷᠡᠭᠲᠡᠢ᠃ | ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠴᠡᠭᠴᠡᠯᠡᠨ | ᠰᠠᠶᠢᠵᠢᠷᠠᠭᠤᠯᠬᠤ ᠠᠵᠢᠯ ᠢ ᠴᠠᠭ ᠲᠤᠬᠠᠶ ᠳᠤᠨᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ | ᠤᠯᠠᠮ ᠨᠢᠭᠡ ᠠᠯᠬᠤᠮ ᠴᠢᠩᠭᠠᠳᠬᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠬᠠᠰᠤᠵᠤ᠂ ᠨᠡᠮᠡᠭᠳᠡᠯ ᠤᠨ ᠬᠡᠮᠵᠢᠶ᠎ᠡ ᠶᠢ | ᠪᠠᠭᠠᠰᠬᠠᠬᠤ ᠶᠢ ᠪᠠᠲᠤᠯᠠᠬᠤ ᠬᠡᠷᠡᠭᠲᠡᠢ᠃ | ᠵᠠᠩ ᡁᠢ ᠷᠦᠩ᠂ ᠯᠢ ᠺᠦᠨ ᠵᠢᠴᠢ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠪᠠᠶᠢᠭᠤᠯᠭ᠎ᠠ ᠨᠢᠭᠡᠴᠢ ᠪᠣᠯᠤᠨ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ | ᠃ | | | |