ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠵᠢᠨᠢᠩ ᠲᠣᠭᠤᠷᠢᠭ ᠤᠨ ︽ᠲᠠᠪᠤᠨ ᠶᠡᠭᠡ ᠰᠠᠭᠤᠷᠢ ᠶᠢ ᠡᠬᠢᠯᠡᠭᠦᠯᠬᠦ︾᠎ ᠶᠢ ᠠᠬᠢᠭᠤᠯᠤᠭᠰᠠᠨ ᠪᠠᠶᠢᠳᠠᠯ ᠪᠣᠯᠤᠨ ᠬᠡᠰᠡᠭ ᠭᠠᠵᠠᠷ ᠤᠨ ᠪᠦᠳᠦᠭᠡᠨ ᠪᠠᠶᠢᠭᠤᠯᠤᠯᠲᠠ ᠶᠢ  ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2023/11/6
 ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠵᠢᠨᠢᠩ ᠲᠣᠭᠤᠷᠢᠭ ᠤᠨ ︽ᠲᠠᠪᠤᠨ ᠶᠡᠭᠡ ᠰᠠᠭᠤᠷᠢ ᠶᠢ ᠡᠬᠢᠯᠡᠭᠦᠯᠬᠦ︾᠎ ᠶᠢ ᠠᠬᠢᠭᠤᠯᠤᠭᠰᠠᠨ ᠪᠠᠶᠢᠳᠠᠯ ᠪᠣᠯᠤᠨ ᠬᠡᠰᠡᠭ ᠭᠠᠵᠠᠷ ᠤᠨ ᠪᠦᠳᠦᠭᠡᠨ ᠪᠠᠶᠢᠭᠤᠯᠤᠯᠲᠠ ᠶᠢ  ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ     11 ᠰᠠᠷ᠎ᠠ ᠶᠢᠨ 2᠎ ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ  ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠨᠢᠩ ᠲᠣᠭᠤᠷᠢᠭ ᠤᠨ ︽ᠲᠠᠪᠤᠨ ᠦᠨᠳᠦᠰᠦᠨ ᠵᠦᠶᠯ ᠢ ᠡᠬᠢᠯᠡᠭᠦᠯᠬᠦ︾᠎ ᠶᠢ  ᠠᠬᠢᠭᠤᠯᠤᠭᠰᠠᠨ ᠪᠠᠶᠢᠳᠠᠯ ᠪᠠ ᠬᠡᠰᠡᠭ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠯᠪᠣᠭᠳᠠᠯ ᠪᠥᠬᠦᠶ ᠵᠦᠶᠯᠡᠰ ᠢ ᠰᠤᠳᠤᠯᠵᠠᠶ᠃   ᠬᠤᠷᠠᠯ ᠠᠴᠠ ᠵᠢᠨᠢᠩ ᠲᠣᠭᠤᠷᠢᠭ ᠤᠨ ᠵᠥᠪᠰᠢᠶᠡᠷᠡᠭᠰᠡᠨ ᠰᠤᠯᠠ ᠪᠠᠶᠢᠬᠤ ᠭᠠᠵᠠᠷ ᠰᠢᠷᠣᠢ ᠶᠢ ᠦᠨᠳᠦᠰᠦᠨ ᠠᠴᠠ ᠨᠢ ᠡᠬᠢᠯᠡᠨ ᠪᠦᠳᠦᠭᠡᠨ ᠪᠠᠶᠢᠭᠤᠯᠤᠭᠰᠠᠨ ᠵᠢᠴᠢ ᠬᠡᠰᠡᠭ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃       ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠮᠤᠭ ᠤᠨ ᠪᠣᠳᠠᠲᠠᠢ ᠠᠷᠭ᠎ᠠ  ᠬᠡᠮᠵᠢᠶ᠎ᠡ᠂ ᠬᠠᠮᠤᠭ ᠤᠨ ᠴᠢᠩᠭ᠎ᠠ ᠣᠪᠣᠷ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠡᠷᠡᠭᠲᠡᠢ᠃ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠶ ᠳᠤᠨᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ  ᠬᠠᠰᠤᠵᠤ᠂ ᠨᠡᠮᠡᠭᠳᠡᠯ ᠤᠨ ᠬᠡᠮᠵᠢᠶ᠎ᠡ ᠶᠢ ᠪᠠᠭᠠᠰᠬᠠᠬᠤ ᠶᠢ ᠪᠠᠲᠤᠯᠠᠬᠤ ᠬᠡᠷᠡᠭᠲᠡᠢ᠃      ᠵᠠᠩ ᡁᠢ ᠷᠦᠩ᠂ ᠯᠢ ᠺᠦᠨ ᠵᠢᠴᠢ  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ ᠪᠣᠯᠤᠨ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2