ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠠᠯ ᠤᠨᠲᠠᠷᠠᠭᠠᠬᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/11/6
      ᠬᠠᠷᠢᠶ᠎ᠠ ᠲᠣᠭᠤᠷᠢᠭ ᠤᠨ ᠭᠠᠯ ᠤᠨᠲᠠᠷᠠᠭᠠᠬᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠢ ᠦᠨᠡᠨᠬᠦ ᠰᠠᠶᠢᠲᠤᠷ ᠠᠳᠬᠤᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 11 ᠰᠠᠷ᠎ᠠ ᠶᠢᠨ 1᠎ ᠤ ᠦᠳᠡ ᠶᠢᠨ ᠡᠮᠦᠨ᠎ᠡ᠂ ᠴᠢᠶᠣᠤ ᠰᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ  ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠭᠦᠸᠧ ᠵᠢᠶᠠᠨ ᠳ᠋ᠦᠩ᠂ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠸᠠᠩ ᠱᠸᠤ ᠷᠦᠩ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠠᠮᠤᠷ ᠲᠦᠪᠰᠢᠨ ᠤ ᠪᠠᠶᠢᠭᠤᠯᠤᠯᠲᠠ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ᠂ ᠬᠤᠲᠣᠩ ᠠᠷᠠᠳ ᠤᠨ ᠨᠡᠶᠢᠭᠡᠮ ᠲᠣᠭᠤᠷᠢᠭ ᠲᠤ ᠬᠠᠮᠲᠤᠪᠠᠷ ᠪᠠᠶᠢᠴᠠᠭᠠᠯᠲᠠ ᠬᠢᠵᠡᠢ᠃       ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠴᠢᠶᠣᠤ ᠰᠢ ᠵᠡᠭᠡᠯᠢ ᠭᠤᠳᠤᠮᠵᠢ ᠶᠢᠨ ᠬᠤᠲᠣᠩ ᠦᠨᠳᠦᠰᠦᠲᠡᠨ ᠤ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠤᠨ ᠳᠣᠲᠣᠷᠠᠬᠢ ᠴᠢᠶᠣᠤ ᠰᠢ ᠯᠠᠯᠤ ᠶᠢᠨ ᠰᠦᠮ᠎ᠡ ᠶᠢᠨ ᠳᠣᠲᠣᠷᠠᠬᠢ ᠪᠥᠭᠡᠮ ᠢᠶᠠᠷ ᠲᠦᠷᠢᠶᠡᠰᠦᠯᠡᠬᠦ ᠠᠰᠠᠷ᠂ ᠬᠥᠮᠥᠷᠭᠡ᠂ ᠰᠢᠲᠠᠮᠠᠬᠠᠶ ᠬᠡᠶ ᠵᠡᠷᠭᠡ ᠲᠠᠯᠠᠪᠤᠷ ᠲᠤ ᠴᠢᠭᠯᠡᠭᠦᠯᠦᠨ ᠠᠮᠤᠷ ᠲᠦᠪᠰᠢᠨ ᠤ ᠪᠠᠶᠢᠴᠠᠭᠠᠯᠲᠠ ᠬᠢᠵᠡᠶ᠃ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠨᠢ ᠴᠢᠨᠠᠷ ᠢ ᠪᠠᠲᠤᠯᠠᠬᠤ ᠬᠤᠭᠤᠴᠠᠭᠠᠨ ᠳᠤ ᠪᠠᠶᠢᠬᠤ ᠡᠰᠡᠬᠦ᠂ ᠲᠣᠮᠣ ᠬᠡᠯᠪᠡᠷᠢ ᠶᠢᠨ ᠬᠠᠯᠠᠭᠤᠨ ᠤᠰᠤᠨ ᠤ ᠲᠥᠬᠦᠭᠡᠷᠦᠮᠵᠢ ᠨᠢ ᠠᠮᠤᠷ ᠲᠦᠪᠰᠢᠨ ᠪᠠᠶᠢᠬᠤ ᠡᠰᠡᠬᠦ᠂ ᠠᠰᠠᠷ ᠤᠨ ᠬᠤᠩᠭᠢᠯ ᠳᠤ ᠣᠪᠣᠭᠠᠯᠠᠭᠰᠠᠨ ᠪᠣᠳᠠᠰ ᠨᠢ ᠠᠮᠤᠷ ᠲᠦᠪᠰᠢᠨ ᠤ ᠳᠠᠯᠳᠠ ᠬᠡᠮ ᠢ ᠪᠣᠶ ᠪᠣᠯᠭᠠᠭᠰᠠᠨ ᠡᠰᠡᠬᠦ ᠵᠢᠴᠢ ᠴᠠᠬᠢᠯᠭᠠᠨ ᠬᠡᠷᠡᠭᠯᠡᠬᠦ ᠳᠤ ᠠᠮᠤᠷ ᠲᠦᠪᠰᠢᠨ ᠪᠠᠶᠢᠬᠤ ᠡᠰᠡᠬᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠭᠰᠡᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠲᠤᠬᠠᠶ ᠶᠢᠨ ᠲᠠᠯᠠᠪᠤᠷ ᠲᠤ ᠪᠠᠶᠢᠴᠠᠭᠠᠵᠤ ᠭᠠᠷᠭᠠᠭᠰᠠᠨ ᠬᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ᠂ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠳᠠᠷᠦ᠋ᠢᠬᠠᠨ ᠮᠡᠳᠡᠪᠡᠯ ᠳᠠᠷᠦ᠋ᠢᠬᠠᠨ ᠬᠠᠯᠠᠨ ᠰᠠᠶᠢᠵᠢᠷᠠᠭᠤᠯᠵᠤ᠂ ᠬᠠᠯᠠᠨ ᠰᠠᠶᠢᠵᠢᠷᠠᠭᠤᠯᠬᠤ ᠶᠣᠰᠣᠲᠠᠶ ᠶᠢ ᠨᠢ ᠪᠦᠬᠦᠨ ᠢ ᠬᠠᠯᠠᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠪᠥᠬᠦ ᠲᠠᠯ᠎ᠠ ᠪᠠᠷ ᠪᠠᠲᠤᠯᠠᠬᠤ ᠬᠡᠷᠡᠭᠲᠡᠶ᠃       ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠠᠴᠠ ᠬᠠᠷᠢᠭᠤᠴᠠᠯᠭᠠᠲᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠲᠠᠯᠠᠪᠤᠷ ᠭᠠᠵᠠᠷ ᠲᠤ ᠥᠪᠡᠷ ᠤᠨ ᠪᠠᠶᠢᠴᠠᠭᠠᠯᠲᠠ ᠬᠢᠵᠦ ᠥᠪᠡᠷ ᠤᠨ ᠵᠠᠯᠠᠷᠠᠭᠤᠯᠭ᠎ᠠ ᠬᠢᠵᠦ᠂ ᠣᠯᠵᠤ ᠮᠡᠳᠡᠭᠰᠡᠨ ᠳᠠᠯᠳᠠ ᠬᠡᠮ ᠤᠨ ᠠᠰᠠᠭᠤᠳᠠᠯ ᠢ ᠴᠠᠭ ᠲᠤᠬᠠᠶ ᠳᠤᠨᠢ ᠠᠷᠢᠯᠭᠠᠵᠤ᠂ ᠣᠶᠢᠷ᠎ᠠ ᠶᠢᠨ ᠵᠢᠯ ᠤᠨ ᠭᠠᠯ ᠤᠨ ᠭᠠᠮᠰᠢᠭ ᠤᠨ ᠠᠳᠡᠯ ᠠᠴᠠ ᠰᠤᠷᠭᠠᠮᠵᠢ ᠠᠪᠴᠤ᠂ ᠠᠳᠠᠯᠢ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠠᠴᠠ ᠵᠠᠶᠢᠯᠠᠰᠬᠢᠵᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠴᠢᠶᠣᠤ ᠰᠢ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠬᠥᠮᠦᠰ ᠢ ᠵᠣᠬᠢᠶᠠᠨ ᠪᠠᠶᠢᠭᠤᠯᠤᠨ ᠡᠯ᠎ᠡ ᠠᠵᠢᠯ ᠲᠦᠷᠦᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃                                   ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2