ᠵᠠᠩ ᠶᠦᠩ ᠸᠧᠨ ᠮᠠ ᠯᠢᠶᠠᠨ ᠴᠢᠦᠶ ᠰᠢᠶᠠᠩ ᠤᠨ ᠶᠡᠭᠡ ᠠᠷᠪᠠᠳᠤᠭᠠᠷ ᠲᠣᠰᠬᠤᠨ ᠤ  ᠨᠠᠮ ᠤᠨ ᠵᠥᠪᠯᠡᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/11/7
705470.jpg
    11 ᠰᠠᠷ᠎ᠠ ᠶᠢᠨ 6᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠡᠩ ᠤᠨ ᠨᠠᠮ ᠤᠨ ᠭᠡᠰᠢᠭᠦᠨ ᠤ ᠬᠤᠪᠢ ᠪᠠᠷ ᠮᠠ ᠯᠢᠶᠠᠨ ᠴᠢᠦᠶ ᠰᠢᠶᠠᠩ ᠤᠨ ᠶᠡᠭᠡ ᠠᠷᠪᠠᠳᠤᠭᠠᠷ ᠲᠣᠰᠬᠤᠨ ᠤ ᠨᠠᠮ ᠤᠨ ᠵᠥᠪᠯᠡᠯ ᠤᠨ ᠬᠤᠷᠠᠯ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠪᠠᠷ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ  ᠠᠬᠢᠭᠤᠯᠬᠤ ᠳᠤ ᠰᠢᠨ᠎ᠡ ᠠᠷᠭ᠎ᠠ ᠪᠠ ᠰᠡᠳᠬᠢᠮᠵᠢ ᠬᠠᠩᠭᠠᠭᠰᠠᠨ ᠪᠠᠶᠢᠨ᠎ᠠ᠃       ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠵᠧᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾᠂ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪ ᠤᠨ ᠲᠡᠭᠦᠪᠦᠷᠢ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠬᠠᠮᠲᠤᠪᠠᠷ ᠰᠤᠷᠤᠯᠴᠠᠪᠠ ᠃ ᠶᠡᠭᠡ ᠠᠷᠪᠠᠳᠤᠭᠠᠷ ᠲᠣᠰᠬᠤᠨ ᠤ ᠨᠠᠮ ᠤᠨ ᠡᠭᠦᠷ ᠤᠨ ᠤᠶᠢᠷ᠎ᠠ ᠶᠢᠨ ᠬᠤᠭᠤᠴᠠᠭᠠᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ ᠃ ᠨᠠᠮ ᠤᠨ ᠡᠭᠦᠷ ᠤᠨ ᠨᠠᠮ ᠤᠨ ᠭᠡᠰᠢᠭᠦᠨ ᠭᠤᠣᠯ ᠰᠡᠳᠦᠪᠲᠦ ᠬᠥᠮᠦᠵᠢᠯ ᠤᠨ ᠲᠣᠭᠤᠷᠢᠨ ᠳᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠤᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ  ᠶᠠᠷᠢᠯᠴᠠᠨ ᠰᠤᠳᠤᠯᠪᠠ᠃    ᠵᠠᠩ ᠶᠦᠩ ᠸᠧᠨ ᠶᠡᠭᠡ ᠠᠷᠪᠠᠳᠤᠭᠠᠷ ᠲᠣᠰᠬᠤᠨ ᠤ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠭᠰᠠᠨ ᠪᠥᠭᠡᠳ ᠨᠠᠮ ᠤᠨ ᠡᠭᠦᠷ ᠤᠨ ᠨᠥᠬᠦᠳ ᠲᠠᠢ ᠬᠠᠮᠲᠤ ᠥᠪᠡᠷ ᠤᠨ ᠰᠤᠷᠤᠯᠴᠠᠭᠰᠠᠨ ᠲᠦᠷᠦᠭᠳᠡᠯ ᠢᠶᠠᠨ ᠬᠤᠪᠢᠶᠠᠯᠴᠠᠪᠠ᠃ ᠲᠡᠷᠡ ᠬᠡᠯᠡᠭᠰᠡᠨ ᠨᠢ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠳᠠᠬᠢᠨ ᠶᠠᠳᠠᠭᠤᠷᠠᠬᠤ  ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠡᠬᠢᠨ ᠠᠴᠠ ᠨᠢ ᠳᠠᠭᠤᠰᠲᠠᠯ᠎ᠠ  ᠲᠤᠭᠤᠰᠢᠯᠠᠭᠤᠯᠵᠤ ᠂ ︽  ᠪᠠᠭ᠎ᠠ ᠠᠰᠠᠭᠤᠳᠠᠯ︾᠎ ᠠᠴᠠ ᠭᠠᠷᠳᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠪᠤᠶᠢᠮ᠎ᠠ ᠠᠰᠠᠭᠤᠳᠠᠯ ᠢ ᠣᠨᠣᠪᠴᠢᠲᠠᠢ ᠡᠷᠢᠵᠦ᠂ ᠲᠤᠤᠱᠲᠠᠢ ᠪᠠᠶᠢᠴᠠᠭᠠᠵᠤ᠂ ᠪᠣᠳᠠᠲᠠᠢ ᠥᠭᠡᠷᠡᠴᠢᠯᠡᠵᠦ᠂ ᠤᠯᠠᠨ ᠲᠦᠮᠡᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠢ᠃ ︽ᠮᠢᠩᠭᠠᠨ ᠲᠦᠮᠡᠨ ᠪᠡᠯᠡ ᠎ ᠲᠠᠢ ᠢᠨᠵᠧᠨᠧᠷᠢᠩ︾᠎ ᠢᠶᠠᠷ ᠬᠥᠲᠥᠯᠦᠮᠵᠢ ᠪᠣᠯᠭᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠦᠵᠡᠰᠬᠦᠯᠡᠩᠲᠦ ᠰᠠᠶᠢᠬᠠᠨ ᠪᠣᠯᠭᠠᠵᠤ᠂ ᠲᠠᠷᠢᠶᠠᠴᠢᠳ ᠢ ᠪᠠᠶᠠᠵᠢᠭᠤᠯᠬᠤ ᠪᠠᠷ ᠴᠢᠷᠮᠠᠶᠢᠬᠤ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾᠎ ᠤᠨ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ  ᠪᠦᠬᠦ ᠬᠦᠴᠦᠨ ᠎ ᠢᠶᠠᠷ ᠢᠶᠠᠨ ᠰᠢᠢᠳᠪᠦᠷᠢᠯᠡᠵᠦ᠂ ᠥᠷᠭᠡᠨ ᠤᠯᠠᠨ ᠲᠦᠮᠡᠨ ᠢ ᠬᠥᠮᠦᠵᠢᠭᠦᠯᠦᠨ ᠳᠠᠭᠠᠭᠤᠯᠵᠤ ᠨᠠᠮ ᠤᠨ ᠠᠴᠢ ᠲᠤᠰᠠ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃      ᠵᠠᠩ ᠱᠦᠨ  ᠯᠢ᠂ ᠵᠠᠩ ᡁᠢ ᠷᠦᠩ ᠵᠢᠴᠢ ᠮᠠ ᠯᠢᠶᠠᠨ ᠴᠢᠦᠶ ᠰᠢᠶᠠᠩ ᠤᠨ ᠭᠤᠣᠯ ᠬᠠᠷᠢᠭᠤᠴᠠᠯᠭᠠᠲᠠᠳ ᠬᠤᠷᠠᠯ ᠳᠤ  ᠣᠷᠣᠯᠴᠠᠪᠠ᠃                                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2