ᠺᠠᠩ ᠬᠠᠶ ᠷᠦᠢ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/11/9
705470.jpg
      11 ᠰᠠᠷ᠎ᠠ ᠶᠢᠨ 7᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ︽ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠠᠰᠢᠭᠯᠠᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ︾ ᠭᠡᠬᠦ ᠰᠡᠳᠦᠪ ᠢᠶᠠᠷ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃  ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠦᠩ ᠬᠤᠷᠠᠯ ᠡᠷᠭᠢᠯᠡᠪᠡ᠃  ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠳᠡᠳ᠋ ᠳᠠᠷᠤᠭ᠎ᠠ᠂ ᠪᠠᠶᠢᠴᠠᠭᠠᠨ ᠰᠤᠳᠤᠯᠤᠭᠴᠢ ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠣᠯᠤᠨ ᠬᠡᠰᠡᠭ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠭᠤᠣᠯ ᠬᠠᠷᠢᠭᠤᠴᠠᠯᠭᠠᠲᠠᠨ ᠣᠷᠣᠯᠴᠠᠵᠠᠢ᠃ ᠺᠠᠩ ᠬᠠᠢ ᠷᠦᠢ ᠤᠶᠢᠷ᠎ᠠ ᠶᠢᠨ ᠬᠤᠭᠤᠴᠠᠭᠠᠨ ᠳᠤ ᠥᠪᠡᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠭᠰᠠᠨ ᠤ ᠣᠯᠤᠯᠲᠠ᠂ ᠲᠦᠷᠦᠭᠳᠡᠯ ᠪᠠ ᠪᠣᠳᠣᠯᠬᠢᠯᠠᠯ ᠲᠠᠢ ᠪᠠᠨ ᠤᠶᠠᠯᠳᠤᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠵᠡᠷᠭᠡ ᠲᠦᠷᠪᠡᠨ ᠲᠠᠯ᠎ᠠ ᠠᠴᠠ ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ ᠬᠡᠯᠡᠭᠰᠡᠨ ᠨᠢ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠲᠤ ᠪᠤᠢ ᠪᠣᠯᠭᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠨᠠᠮ ᠤᠨ ᠤᠯᠠᠨ ᠲᠦᠮᠡᠨᠴᠢ ᠱᠤᠭᠤᠮ ᠢ ᠲᠡᠷᠡ ᠶᠣᠰᠣᠭᠠᠷ ᠨᠢ ᠰᠠᠶᠢᠲᠤᠷ ᠦᠢᠯᠡᠳᠦᠯᠭᠡᠵᠢᠭᠦᠯᠵᠦ᠂ ᠠᠷᠠᠳ ᠤᠯᠠᠨ ᠤ ᠵᠣᠯ ᠵᠢᠷᠭᠠᠯ ᠤᠨ ᠲᠦᠷᠦᠭᠳᠡᠯ ᠂ ᠬᠠᠷᠢᠶᠠᠯᠠᠭᠳᠠᠬᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠤᠯᠤᠰ ᠲᠦᠷᠦ ᠶᠢᠨ ᠴᠢᠳᠠᠪᠤᠷᠢ᠂ ᠰᠡᠳᠬᠢᠬᠦᠢ ᠶᠢᠨ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠶᠣᠰᠣ ᠲᠦᠷᠢᠮ ᠢ ᠰᠠᠬᠢᠬᠤ᠂ ᠶᠡᠭᠡ ᠲᠠᠯ᠎ᠠ ᠶᠢ ᠬᠠᠷᠠᠭᠠᠯᠵᠠᠬᠤ᠂ ᠬᠡᠷᠡᠭᠵᠢᠭᠦᠯᠬᠦ ᠶᠢ ᠴᠢᠬᠤᠯᠠᠴᠢᠯᠠᠬᠤ᠂ ᠣᠶᠤᠨᠴᠢ ᠴᠢᠨᠠᠷ ᠢ ᠴᠢᠬᠤᠯᠠᠴᠢᠯᠠᠬᠤ᠂ ᠨᠢᠭᠡᠳᠦᠯᠲᠡᠢ ᠲᠥᠯᠥᠪᠵᠢᠭᠦᠯᠬᠦ ᠶᠢ ᠴᠢᠳᠠᠬᠤ᠂ ᠦᠷ᠎ᠡ ᠪᠦᠲᠦᠮᠵᠢ ᠶᠢ ᠡᠷᠬᠢᠮᠯᠡᠬᠦ᠂ ᠲᠤᠬᠠᠶᠢᠯᠠᠭᠰᠠᠨ ᠠᠵᠢᠯ ᠢ ᠣᠶᠢᠯᠠᠭᠠᠬᠤ᠂ ᠦᠨᠡᠨᠬᠦ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠰᠠᠶᠢᠲᠤᠷ ᠬᠢᠵᠦ᠂ ᠨᠢᠭᠡ ᠪᠦᠯᠦᠭ ᠬᠥᠭᠵᠢᠯᠲᠡ ᠳᠤ ᠬᠡᠷᠡᠭᠴᠡᠭᠡ ᠲᠠᠢ᠂ ᠦᠨᠳᠦᠰᠦᠨ ᠱᠠᠲᠤᠨ ᠤ ᠬᠦᠰᠡᠯ ᠲᠠᠢ᠂ ᠠᠷᠠᠳ ᠤᠨ ᠰᠡᠳᠬᠢᠯ ᠤᠨ ᠬᠠᠨᠳᠤᠰᠢ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠪᠦᠬᠦ ᠲᠠᠯ᠎ᠠ ᠪᠠᠷ ᠪᠠᠳᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠰᠠᠶᠢᠨ ᠪᠠᠶᠢᠳᠠᠯ ᠢ ᠪᠤᠢ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠨᠡᠩ ᠶᠡᠭᠡ ᠰᠢᠨ᠎ᠡ ᠲᠠᠪᠰᠢᠯᠳᠠ ᠲᠠᠢ ᠪᠣᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃         ᠺᠠᠩ ᠬᠠᠶ ᠷᠦᠢ ᠱᠠᠭᠠᠷᠳᠠᠭᠰᠠᠨ ᠨᠢ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠰᠠᠬᠢᠵᠤ ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠦᠭᠡᠶ ᠤᠷᠲᠤᠳᠬᠠᠵᠤ᠂ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠵᠦ᠂ ︽ᠨᠢᠭᠡ ᠪᠦᠰᠡ ᠨᠢᠭᠡ ᠵᠠᠮ︾ ᠪᠠ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠵᠢᠴᠢ ︽ᠪᠡᠭᠡᠵᠢᠩ ᠲᠢᠶᠠᠨᠵᠢᠨ ᠡᠾᠢᠪᠸᠢ ᠶᠢᠨ ᠬᠠᠮᠵᠢᠯᠴᠠᠨ ᠬᠥᠭᠵᠢᠬᠦ︾ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠪᠣᠳᠠᠲᠠᠶᠢᠵᠢᠭᠤᠯᠤᠨ ᠡᠳ᠋ᠰᠢᠭᠦᠯᠬᠦ᠂ ᠬᠢᠯᠢ ᠠᠯᠤᠰᠯᠠᠭᠰᠠᠨ ᠠᠷᠠᠯᠵᠢᠶ᠎ᠠ ᠪᠠ ᠪᠣᠬᠢᠷᠲᠤᠯ ᠥᠬᠡᠶ ᠳᠡᠭᠡᠳᠦ ᠲᠠᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠳᠠᠯᠳᠤᠭᠠᠨ ᠤ ᠵᠡᠭᠡᠯᠢ ᠲᠣᠭᠤᠷᠢᠭ ᠤᠨ ᠦᠶᠯᠡᠴᠢᠯᠡᠭᠡᠨ ᠤ ᠶᠠᠰᠤ ᠴᠢᠨᠠᠷ᠂ ᠣᠷᠴᠢᠨ ᠲᠣᠭᠤᠷᠢᠨ ᠤ ᠴᠢᠨᠠᠷ ᠲᠠᠰ᠂ ᠪᠦᠬᠦᠯᠢ ᠴᠣᠭᠴᠠ ᠶᠢᠨ ᠲᠠᠰ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠥᠬᠦ ᠬᠦᠴᠦᠨ ᠢᠶᠠᠷ ᠢᠶᠠᠨ ᠪᠤᠶᠢᠵᠢᠭᠤᠯᠤᠨ᠎ᠠ᠃       ᠺᠠᠩ ᠬᠠᠢ ᠷᠦᠢ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠨᠡᠩ ᠠᠮᠢᠵᠢᠷᠠᠯ ᠤᠨ ᠬᠦᠴᠦᠨ ᠲᠠᠢ᠂ ᠨᠡᠩ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠵᠣᠯ ᠵᠢᠷᠭᠠᠯᠲᠤ ᠵᠢᠨᠢᠩ ᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠢᠨᠢᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2