ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ  ᠯᠢ ᠴᠢᠶᠠᠩ    ᠸᠠᠩ ᠬᠤ᠋ ᠨᠢᠩ  ᠼᠠᠢ ᠴᠢ ᠣᠷᠣᠯᠴᠠᠪᠠ
ᠨᠡᠶᠢᠲᠡᠯᠡᠭᠰᠡᠨ ᠴᠠᠭ᠄
2023/11/9
      ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 7᠎ ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 11 ᠰᠠᠷ᠎ᠠ ᠶᠢᠨ 7᠎ ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾᠂ ︽ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠴᠢᠨᠠᠭᠰᠢᠳᠠ ᠲᠡᠭᠦᠯᠳᠡᠷᠵᠢᠭᠦᠯᠬᠦ ᠲᠤᠬᠠᠢ ᠰᠠᠨᠠᠯ︾᠂ ︽ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠰᠠᠨᠠᠯ︾᠂ ︽ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾᠂ ︽ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾᠎ ᠢ ᠬᠢᠨᠠᠨ ᠵᠥᠪᠯᠡᠵᠦ ᠪᠠᠲᠤᠯᠠᠪᠠ᠃     ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠬᠠᠷᠠᠯᠲᠠ ᠮᠥᠨ᠂ 2035 ᠣᠨ ᠪᠤᠯᠬᠤ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠶᠢ ᠣᠨᠢᠯᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠦᠨᠳᠦᠰᠦᠨ ᠰᠠᠶᠢᠵᠢᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠣᠯ ᠤᠯᠤᠰ ᠤᠨ ᠲᠥᠰᠥᠪ ᠤᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠂ ᠴᠢᠳᠠᠮᠵᠢ ᠦᠢᠯᠡᠳᠦᠯ ᠢ ᠴᠢᠩᠭᠠᠳᠬᠠᠵᠤ᠂ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠪᠡᠯᠡ ᠮᠥᠩᠭᠦ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠶᠠᠨᠳᠠᠭᠠᠨ ᠭᠠᠭᠴᠠᠭᠠᠷ ᠡᠵᠡᠮᠰᠢᠬᠦ  ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠳᠦᠷᠢᠮ ᠤᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢ ᠡᠵᠡᠮᠳᠡᠬᠦ ᠬᠦᠴᠦᠨ ᠢ ᠴᠢᠩᠭᠠᠳᠬᠠᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠤᠯᠤᠰ ᠤᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠬᠡᠷᠡᠭᠲᠡᠢ᠃ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠩ ᠰᠠᠶᠢᠲᠤᠷ ᠦᠢᠯᠡᠴᠢᠯᠡᠬᠦ ᠪᠠ ᠲᠤᠯᠭᠠᠭᠤᠷᠢᠯᠠᠬᠤ ᠳᠤ ᠰᠠᠭᠤᠷᠢᠯᠠᠵᠤ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠳᠡᠰ ᠳᠠᠷᠠᠭᠠᠯᠠᠯ ᠪᠠᠷᠢᠮᠵᠢᠶ᠎ᠠ ᠶᠢ ᠵᠢᠷᠤᠮᠵᠢᠭᠤᠯᠵᠤ᠂ ᠪᠦᠭᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠮᠥᠨ ᠤ ᠴᠢᠳᠠᠪᠤᠷᠢ ᠶᠢ ᠭᠦᠢᠴᠡᠳ ᠪᠠᠳᠠᠷᠠᠭᠤᠯᠤᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ᠂ ᠰᠤᠷᠲᠠᠯ ᠴᠢᠬᠡᠴᠢ ᠣᠪᠣᠷ ᠲᠥᠪ ᠪᠦᠬᠦᠢ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠨᠢ ᠠᠮᠢ ᠠᠬᠤᠢ ᠣᠷᠴᠢᠨ ᠲᠣᠭᠤᠷᠢᠨ ᠤ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠰᠢᠰᠲ᠋ᠧᠮ ᠳᠤ ᠰᠠᠭᠤᠷᠢᠯᠠᠬᠤ  ᠴᠢᠨᠠᠷᠲᠠᠢ ᠦᠢᠯᠡᠳᠦᠯ ᠲᠠᠢ ᠶᠤᠮ᠂ ᠦᠵᠦ ᠲᠥᠯᠥᠪᠯᠡᠭᠡ ᠶᠢ ᠴᠢᠩᠭᠠᠳᠬᠠᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠦᠯ ᠴᠢᠳᠠᠮᠵᠢ ᠶᠢ ᠪᠠᠲᠤᠯᠠᠬᠤ ᠪᠠ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠬᠠᠷᠠᠯᠲᠠ ᠪᠤᠯᠭᠠᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠪᠦᠰᠡ ᠬᠤᠪᠢᠶᠠᠭᠰᠠᠨ ᠵᠦᠷᠢᠶᠡᠴᠢᠯᠡᠭᠰᠡᠨ ᠨᠠᠷᠢᠯᠢᠭ ᠣᠨᠣᠴᠠᠲᠠᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠵᠠᠢ᠃     ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠨᠣᠯ ᠠᠴᠠ ᠦᠢᠯᠡᠳᠦᠯᠭᠡ ᠳᠤ ᠭᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠡᠷᠡᠭᠴᠡᠭᠡ᠂ ᠠᠷᠠᠳ ᠣᠯᠠᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠰᠢᠨ᠎ᠡ ᠬᠦᠰᠡᠯ ᠪᠠᠷᠠᠯᠠᠯ ᠢ ᠦᠨᠳᠦᠰᠦᠯᠡᠵᠦ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠤᠷᠢᠳ ᠢᠶᠠᠷ ᠰᠦᠪᠡᠭᠴᠢᠯᠡᠵᠦ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠵᠦ᠂ ᠬᠡᠰᠡᠭ ᠲᠠᠯ᠎ᠠ ᠪᠠ ᠪᠦᠭᠦ ᠲᠠᠯ᠎ᠠ ᠶᠢ ᠵᠣᠬᠢᠴᠠᠭᠤᠯᠬᠤ᠂ ᠦᠩᠭᠡᠨ ᠲᠠᠯ᠎ᠠ ᠶᠢ ᠵᠠᠰᠠᠬᠤ ᠪᠠ ᠦᠨᠳᠦᠰᠦᠨ ᠠᠴᠠ ᠨᠢ ᠵᠠᠰᠠᠬᠤ ᠶᠢ ᠤᠶᠠᠯᠳᠤᠭᠤᠯᠬᠤ᠂ ᠣᠳᠣᠬᠠᠨ ᠤ ᠪᠠ ᠠᠯᠤᠰ ᠭᠡᠳᠦ ᠶᠢ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ᠂ ᠣᠷᠣᠨ ᠬᠤᠪᠢᠶᠠᠨ ᠵᠠᠰᠠᠵᠤ᠂ ᠨᠠᠷᠢᠯᠢᠭᠵᠢᠭᠤᠯᠤᠨ ᠪᠦᠲᠦᠭᠡᠨ ᠪᠠᠶᠢᠭᠤᠯᠵᠤ᠂ ᠠᠯᠢ ᠤᠯᠠᠨ ᠪᠣᠳᠠᠲᠠᠢ ᠠᠵᠢᠯᠯᠠᠭ᠎ᠠ ᠪᠠᠷ ᠳᠠᠮᠵᠢᠭᠤᠯᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠠᠯᠬᠤᠮ ᠠᠯᠬᠤᠮ ᠢᠶᠠᠷ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠲᠥᠰᠥᠪ ᠤᠨ ᠠᠵᠢᠯ ᠨᠢ ᠨᠠᠮ ᠪᠣᠯᠣᠨ ᠤᠯᠤᠰ ᠤᠨ ᠬᠦᠰᠡᠯ ᠵᠣᠷᠢᠯᠲᠠ ᠶᠢ ᠢᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠪᠠᠶᠢᠭᠤᠯᠤᠮᠵᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠳᠤ ᠲᠣᠬᠢᠷᠠᠭᠤᠯᠤᠯᠲᠠ ᠬᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂  ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢ ᠤᠯᠤᠰ ᠤᠨ ᠠᠮᠤᠷ ᠲᠦᠪᠰᠢᠨ᠂ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠳᠤ ᠬᠤᠯᠪᠣᠭᠳᠠᠬᠤ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠲᠡᠶᠢᠰᠢ ᠲᠥᠪᠯᠡᠷᠡᠭᠦᠯᠬᠦ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠤᠯᠠᠨ ᠨᠡᠶᠢᠲᠡ ᠶᠢᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠦᠷᠢᠶ᠎ᠡ ᠴᠠᠷᠠᠭ᠎ᠠ ᠵᠡᠷᠭᠡ ᠳᠤ ᠲᠥᠪᠯᠡᠷᠡᠭᠦᠯᠬᠦ᠂ ᠪᠠᠷᠠᠯᠠᠯᠳᠤ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠠᠷᠪᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠪᠠ ᠵᠦᠢ ᠵᠣᠬᠢᠰᠲᠠᠢ ᠪᠠᠷ ᠬᠤᠪᠢᠶᠠᠷᠢᠯᠠᠬᠤ ᠶᠢ ᠴᠢᠩᠭᠠᠳᠬᠠᠵᠤ᠂ ᠲᠥᠰᠥᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ ᠪᠠᠷ ᠲᠣᠭᠲᠠᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠱᠠᠯᠢᠨ ᠪᠦᠷᠢᠯᠭᠡᠵᠦ ᠰᠦᠢᠳᠬᠡᠬᠦ ᠵᠡᠷᠭᠡ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠃ ᠲᠥᠰᠥᠪ ᠢ ᠬᠠᠤᠯᠢ ᠪᠠᠷ ᠲᠣᠭᠲᠠᠭᠠᠬᠤ ᠶᠢ ᠪᠠᠷᠢᠮᠲᠠᠯᠠᠵᠤ᠂ ᠲᠥᠰᠥᠪ ᠤᠨ ᠬᠦᠯᠢᠶᠡᠰᠦᠯᠡᠯ ᠢ ᠴᠢᠩᠭᠠᠳᠬᠠᠵᠤ᠂ ᠲᠥᠰᠥᠪ ᠢ ᠠᠮᠵᠢᠯᠲᠠ ᠪᠦᠲᠦᠮᠵᠢ ᠪᠠᠷ ᠬᠠᠮᠢᠶᠠᠷᠬᠤ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠴᠠᠭᠢᠯᠭᠠᠨ ᠬᠦᠴᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ᠂ ᠲᠡᠮᠦᠷ ᠵᠠᠮ ᠵᠡᠷᠭᠡ ᠠᠵᠢᠯ ᠲᠦᠷᠦᠯ ᠤᠨ ᠰᠦᠯᠵᠢᠶᠡᠨ ᠤ ᠭᠤᠭᠴᠤᠭ᠎ᠠ ᠨᠢ ᠠᠶᠠᠨᠳᠠᠭᠠᠨ ᠭᠠᠭᠴᠠᠭᠠᠷ ᠡᠵᠡᠮᠰᠢᠬᠦ ᠰᠢᠨᠵᠢ ᠴᠢᠨᠠᠷ ᠲᠠᠢ ᠪᠠᠶᠢᠵᠤ᠂ ᠮᠠᠨ ᠤ ᠤᠯᠤᠰ ᠤᠨ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ᠎ᠠ᠃ ᠬᠢᠨᠠᠨ ᠬᠠᠮᠢᠶᠠᠷᠬᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠳᠤ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠢᠴᠡᠳᠬᠡᠬᠦ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ᠂ ᠡᠵᠡᠩᠨᠡᠯᠲᠡ ᠶᠢᠨ ᠬᠡᠪᠴᠢᠶ᠎ᠡ ᠪᠠ ᠡᠵᠡᠩᠨᠡᠯᠲᠡ ᠶᠢᠨ ᠦᠢᠯᠡ ᠠᠵᠢᠯᠯᠠᠭ᠎ᠠ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠳᠤ ᠪᠠᠶᠢᠭ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠰᠦᠯᠵᠢᠶᠡᠨ ᠤ ᠭᠡᠯᠪᠡᠷᠢ ᠶᠢᠨ ᠰᠠᠭᠤᠷᠢ ᠲᠥᠬᠦᠭᠡᠷᠦᠮᠵᠢ ᠳᠠᠬᠢ ᠣᠷᠣᠭᠤᠯᠤᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠭᠤᠣᠯᠯᠠᠬᠤ ᠰᠦᠯᠵᠢᠶᠡᠨ ᠤ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠭᠠᠭᠴᠠᠭᠠᠷ ᠡᠵᠡᠮᠰᠢᠬᠦ ᠴᠢᠨᠠᠷᠲᠠᠢ ᠲᠤᠬᠠᠶᠢᠯᠠᠭᠰᠠᠨ ᠠᠵᠢᠯ ᠪᠠ ᠥᠷᠢᠰᠦᠯᠳᠦᠬᠦ ᠴᠢᠨᠠᠷᠲᠠᠢ ᠲᠤᠬᠠᠶᠢᠯᠠᠭᠰᠠᠨ ᠠᠵᠢᠯ ᠢ ᠥᠷᠨᠢᠭᠦᠯᠬᠦ ᠬᠦᠷᠢᠶ᠎ᠡ ᠬᠡᠪᠴᠢᠶ᠎ᠡ ᠶᠢ ᠬᠢᠨᠠᠨ ᠬᠠᠮᠢᠶᠠᠷᠴᠤ᠂ ᠭᠠᠭᠴᠠᠭᠠᠷ ᠡᠵᠡᠮᠰᠢᠬᠦ ᠳᠠᠪᠠᠭᠤᠯᠢᠭ ᠢᠶᠠᠨ ᠠᠰᠢᠭᠯᠠᠨ ᠡᠬᠢᠨ ᠤ ᠪᠠ ᠡᠴᠦᠰ ᠤᠨ ᠬᠡᠯᠬᠢᠶ᠎ᠡ ᠶᠢᠨ ᠥᠷᠢᠰᠦᠯᠳᠦᠬᠦ ᠴᠢᠨᠠᠷᠲᠠᠢ ᠭᠤᠭᠴᠤᠭ᠎ᠠ ᠲᠡᠶᠢᠰᠢ ᠤᠷᠲᠤᠳᠬᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠲᠤᠰᠬᠠᠢ ᠮᠡᠷᠭᠡᠵᠢᠯᠲᠡᠨ ᠪᠣᠯ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠤᠶᠤᠨ ᠤ ᠡᠬᠢ ᠪᠠᠶᠠᠯᠢᠭ ᠮᠥᠨ᠂ ᠲᠤᠰᠬᠠᠢ ᠮᠡᠷᠭᠡᠵᠢᠯᠲᠡᠨ ᠤ ᠡᠩᠨᠡᠭᠡ ᠶᠢᠨ ᠤᠯᠤᠰ ᠲᠦᠷᠦ ᠶᠢᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠪᠣᠯᠣᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯᠲᠡᠨ ᠤ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃ ᠲᠤᠰᠬᠠᠢ ᠮᠡᠷᠭᠡᠵᠢᠯᠲᠡᠨ ᠢ ᠰᠢᠯᠢᠨ ᠰᠣᠩᠭᠤᠬᠤ ᠠᠴᠠ ᠠᠪᠤᠭᠠᠳ ᠬᠢᠨᠠᠨ ᠰᠢᠯᠭᠠᠵᠤ ᠬᠢᠨᠠᠯᠲᠠ ᠲᠠᠯᠪᠢᠬᠤ ᠬᠦᠷᠲᠡᠯᠡᠬᠢ ᠪᠦᠭᠦ ᠶᠠᠪᠤᠴᠠ᠂ ᠪᠦᠭᠦ ᠬᠡᠯᠬᠢᠶᠡᠨ ᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ᠤᠨ ᠵᠢᠷᠤᠮᠵᠢᠯ ᠢ ᠬᠦᠷᠢᠶ᠎ᠡ ᠴᠠᠷᠠᠭ᠎ᠠ ᠬᠤᠪᠢᠶᠠᠨ ᠲᠦᠷᠦᠯ ᠢᠯᠭᠠᠯ ᠬᠤᠪᠢᠶᠠᠨ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ᠡᠷᠬᠡ ᠡᠭᠦᠷᠭᠡ ᠪᠣᠯᠣᠨ ᠬᠠᠷᠠᠭᠠᠯᠵᠠᠭᠰᠠᠨ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠵᠤ᠂ ᠡᠳᠡᠭᠡᠷ ᠲᠤᠰᠬᠠᠢ ᠮᠡᠷᠭᠡᠵᠢᠯᠲᠡᠨ ᠤ ᠨᠠᠮ ᠪᠣᠯᠣᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠢ  ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠳᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠬᠡᠷᠡᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠵᠣᠯᠭᠠᠭᠤᠯᠵᠤ᠂ ᠣᠷᠣᠨ ᠪᠦᠰᠡ ᠶᠢᠨ ᠴᠢᠨᠠᠷᠲᠠᠢ᠂ ᠰᠠᠪᠠ ᠭᠠᠵᠠᠷ ᠤᠨ ᠴᠢᠨᠠᠷᠲᠠᠢ  ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠲᠥᠰᠥᠯ ᠢ ᠲᠡᠭᠦᠯᠳᠡᠷᠵᠢᠭᠦᠯᠵᠦ᠂ ᠠᠰᠠᠭᠤᠳᠠᠯ ᠢ ᠢᠯᠭᠠᠨ ᠲᠠᠨᠢᠬᠤ ᠠᠴᠠ ᠰᠢᠢᠳᠪᠦᠷᠢᠯᠡᠬᠦ ᠲᠥᠰᠥᠯ ᠬᠦᠷᠲᠡᠯᠡᠬᠢ ᠣᠷᠣᠨ ᠬᠤᠪᠢᠶᠠᠨ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠪᠣᠳᠣᠯᠭ᠎ᠠ ᠶᠢ ᠲᠣᠭᠲᠠᠭᠠᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠵᠤ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠢ ᠠᠰᠢᠭᠯᠠᠵᠤ᠂ ᠤᠯᠤᠰ ᠪᠣᠯᠣᠨ ᠣᠷᠣᠨ ᠨᠤᠲᠤᠭ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠦᠢᠯᠡᠴᠢᠯᠡᠵᠦ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ 习近平主持召开中央全面深化改革委员会第三次会议强调全面推进美丽中国建设 健全自然垄断环节监管体制机李强王沪宁蔡奇出席中共中央总书记、国家主席、中央军委主席、中央全面深化改革委员会主任习近平11月7日下午主持召开中央全面深化改革委员会第三次会议,审议通过了《关于全面推进美丽中国建设的意见》、《关于进一步完善国有资本经营预算制度的意见》、《关于健全自然垄断环节监管体制机制的实施意见》、《关于加强专家参与公共决策行为监督管理的指导意见》、《关于加强生态环境分区管控的指导意见》。习近平在主持会议时强调,建设美丽中国是全面建设社会主义现代化国家的重要目标,要锚定2035年美丽中国目标基本实现,持续深入推进污染防治攻坚,加快发展方式绿色转型,提升生态系统多样性、稳定性、持续性,守牢安全底线,健全保障体系,推动实现生态环境根本好转。国有资本经营预算是国家预算体系的重要组成部分,要完善国有资本经营预算制度,扩大实施范围,强化功能作用,健全收支管理,提升资金效能。要健全自然垄断环节监管体制机制,强化制度设计,完善监管体系,提升监管能力,增强国有经济对自然垄断环节控制力,更好满足构建现代化基础设施体系的需要,更好保障国家安全。要立足更好服务和支撑公共决策,加强专家参与公共决策行为监督管理,完善体制机制,规范流程标准,强化全过程管理,营造人尽其才、富有活力、风清气正的专家参与公共决策环境。生态环境分区管控在生态环境源头预防体系中具有基础性作用,要加强顶层设计、完善制度体系,以保障生态功能和改善环境质量为目标,推动实现生态环境分区域差异化精准管控。中共中央政治局常委、中央全面深化改革委员会副主任李强、王沪宁、蔡奇出席会议。会议指出,党的十八大以来,我国生态文明建设从理论到实践都发生了历史性、转折性、全局性变化,要根据经济社会高质量发展的新需求、人民群众对生态环境改善的新期待,加大对突出生态环境问题集中解决力度,着力抓好生态文明制度建设,发挥好先行探索示范带动作用,开展全民行动,推动局部和全局相协调、治标和治本相贯通、当前和长远相结合。要加强组织领导,结合地方实际分类施策、分区治理,精细化建设,通过一项项具体行动推动美丽中国目标一步步变为现实。会议强调,预算工作体现党和国家意志,要坚持和加强党的领导,发挥集中力量办大事的体制优势,聚焦推进国有经济布局优化和结构调整,推动国有资本向关系国家安全、国民经济命脉的重要行业和关键领域集中,向关系国计民生的公共服务、应急能力、公益性领域等集中,向前瞻性战略性新兴产业集中,更好服务构建新发展格局、推动高质量发展。要始终坚持“过紧日子”的思想,加强财政资源科学统筹和合理分配,合理确定预算收支规模,统筹保障和改善民生,杜绝奢靡浪费等现象。要坚持预算法定,强化预算约束,推动预算绩效管理,发挥人大监督作用。会议指出,电力、油气、铁路等行业的网络环节具有自然垄断属性,是我国国有经济布局的重点领域。要健全监管制度体系,加强监管能力建设,重点加强对自然垄断环节落实国家重大战略和规划任务、履行国家安全责任、履行社会责任、经营范围和经营行为等方面的监管,推动处于自然垄断环节的企业聚焦主责主业,增加国有资本在网络型基础设施上投入,提升骨干网络安全可靠性。要对自然垄断环节开展垄断性业务和竞争性业务的范围进行监管,防止利用垄断优势向上下游竞争性环节延伸。会议强调,专家是推进改革发展的重要智力资源,要加强对专家队伍的政治引领,完善专家参与公共决策的政策保障和激励措施,充分调动专家积极性和主动性。要建立健全从专家遴选到考核监督的全过程、全链条管理制度体系,分领域、分类别完善专家参与公共决策的制度规范,明确专家参与公共决策的职责定位、权利义务和相应责任等,激励这些专家积极为党和政府科学决策建言献策会议指出,加强生态环境分区管控,要落实主体功能区战略,衔接国土空间规划和用途管制,聚焦区域性、流域性突出生态环境问题,完善生态环境分区管控方案,建立从问题识别到解决方案的分区分类管控策略。要落实地方各级党委和政府主体责任,利用生态环境分区管控成果,服务国家和地方重大发展战略实施,科学指导各类开发保护建设活动。中央全面深化改革委员会委员出席会议,中央和国家机关有关部门负责同志列席会议。 
 
ᠢᠷᠡᠯᠲᠡ᠄ ᠦᠪᠦᠷ ᠮᠤᠡᠭᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2