ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾᠎ ᠨᠢ ᠣᠨᠳᠣᠤ ᠭᠠᠵᠠᠷ ᠲᠤ ᠤᠴᠢᠷ ᠶᠠᠪᠤᠳᠠᠯ ᠰᠢᠶᠳᠪᠦᠷᠢᠯᠡᠬᠦ ᠎ ᠶᠢ ᠳᠦᠭᠦᠮ ᠳᠦᠳᠡ ᠪᠣᠯᠭᠠᠪᠠ︕
ᠨᠡᠶᠢᠲᠡᠯᠡᠭᠰᠡᠨ ᠴᠠᠭ᠄
2023/12/13
     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠲᠠᠯ᠎ᠠ ᠨᠢ ᠨᠠᠮ ᠪᠠ ᠵᠠᠰᠠᠭ ᠤᠨ ᠣᠷᠳᠣᠨ ᠲᠠᠢ ᠬᠤᠯᠪᠣᠭᠳᠠᠵᠤ᠂ ᠨᠦᠭᠦᠭᠡ ᠲᠠᠯ᠎ᠠ ᠨᠢ ᠠᠵᠤ ᠠᠬᠤᠶᠢᠯᠠᠯ ᠪᠠ ᠤᠯᠠᠨ ᠲᠦᠮᠡᠨ ᠲᠠᠢ ᠬᠤᠯᠪᠣᠭᠳᠠᠵᠤ ᠪᠠᠶᠢᠳᠠᠭ᠃ ᠬᠥᠮᠦᠨ ᠠᠮᠠ ᠵᠡᠷᠭᠡ ᠠᠵᠤ ᠠᠬᠤᠶ ᠨᠡᠶᠢᠭᠡᠮ ᠤᠨ ᠡᠯᠧᠮᠧᠨ᠋ᠲ ᠤᠨ ᠰᠢᠯᠵᠢᠯᠲᠡ ᠶᠢᠨ ᠴᠢᠨᠠᠷ ᠶᠡᠭᠡ ᠬᠡᠮᠵᠢᠶ᠎ᠡ ᠪᠠᠷ ᠨᠡᠮᠡᠭᠳᠡᠬᠦ ᠶᠢ ᠳᠠᠭᠠᠯᠳᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠬᠡᠷᠡᠭᠴᠡᠭᠡ ᠴᠦ ᠡᠳᠦᠷ ᠢᠷᠡᠬᠦᠶ᠎ᠡ ᠲᠤᠯᠭᠠᠮ᠎ᠠ ᠪᠤᠯᠵᠤ ᠪᠠᠶᠢᠨ᠎ᠠ᠃      ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠥᠨᠳᠥᠷ ᠲᠠᠪᠳᠠᠮᠵᠢᠳᠤ ᠬᠡᠷᠡᠭ ᠶᠠᠪᠤᠳᠠᠯ ᠢ ︽ᠨᠢᠭᠡ ᠯᠡ ᠤᠳᠠᠭ᠎ᠠ ᠳᠤ ᠰᠢᠶᠳᠪᠦᠷᠢᠯᠡᠬᠦ ᠳᠤ ᠠᠮᠠᠷᠬᠠᠨ᠂ ᠣᠨᠳᠣᠣ ᠭᠠᠵᠠᠷ ᠲᠤ ᠰᠢᠶᠳᠪᠦᠷᠢᠯᠡᠵᠦ ᠳᠡᠶᠢᠯᠬᠦ︾ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠲᠤᠬᠠᠶᠢᠯᠠᠭᠰᠠᠨ ᠠᠵᠢᠯ ᠢᠶᠠᠷ ᠬᠦᠴᠦᠯᠡᠬᠦ ᠴᠡᠭ ᠪᠣᠯᠭᠠᠵᠤ᠂ ᠳᠡᠭᠡᠷ᠎ᠡ ᠳᠣᠣᠷ᠎ᠠ ᠱᠠᠲᠤ ᠳᠠᠪᠬᠤᠷᠭ᠎ᠠ ᠶᠢᠨ ᠬᠤᠯᠪᠣᠯᠳᠤᠨ ᠨᠡᠪᠲᠡᠷᠡᠯᠴᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠭᠤᠰᠤᠯᠴᠠᠨ ᠨᠡᠪᠲᠡᠷᠡᠯᠴᠡᠬᠦ ᠶᠢ ᠬᠦᠴᠦᠯᠡᠨ ᠠᠬᠢᠭᠤᠯᠵᠤ᠂ ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ ᠵᠦᠶᠯᠡᠰ ᠤᠨ ᠮᠡᠳᠡᠭᠦᠯᠬᠦ ᠮᠠᠲ᠋ᠧᠷᠢᠶᠠᠯ ᠪᠠ ᠰᠢᠶᠳᠪᠦᠷᠢᠯᠡᠬᠦ ᠴᠠᠭ ᠤᠨ ᠬᠢᠵᠠᠭᠠᠷ ᠢ ᠲᠠᠰᠤᠷᠠᠯᠲᠠ ᠥᠬᠡᠶ ᠴᠣᠮᠬᠠᠳᠬᠠᠨ ᠰᠢᠯᠢᠳᠡᠭᠵᠢᠭᠦᠯᠵᠦ᠂ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠴᠣᠩᠬᠤ ᠳᠣᠭᠢᠷᠠᠭᠤᠯᠤᠨ᠂ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾ ᠵᠦᠶᠯᠡᠰ ᠤᠨ ᠬᠡᠷᠡᠭ ᠭᠦᠶᠴᠡᠳᠬᠡᠬᠦ ᠵᠦᠭᠯᠡᠭᠦᠷ ᠢ ᠴᠠᠭ ᠲᠤᠬᠠᠶ ᠳᠤᠨᠢ ᠰᠢᠯᠢᠳᠡᠭᠵᠢᠭᠦᠯᠦᠨ ᠰᠢᠨᠡᠳᠬᠡᠵᠦ᠂ ᠭᠥᠯᠢᠶᠡᠨ ᠠᠪᠴᠤ ᠰᠢᠶᠳᠪᠦᠷᠢᠯᠡᠬᠦ ᠮᠠᠲ᠋ᠧᠷᠢᠶᠠᠯ ᠪᠠ ᠰᠢᠶᠳᠪᠦᠷᠢᠯᠡᠬᠦ ᠴᠠᠭ ᠤᠨ ᠬᠢᠵᠠᠭᠠᠷ ᠢ ᠨᠢᠭᠡᠳᠦᠯᠲᠡᠶ ᠪᠣᠯᠭᠠᠵᠤ᠂ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾᠎ ᠶᠢᠨ ᠣᠨᠳᠣᠤ ᠭᠠᠵᠠᠷ ᠲᠤ ᠠᠰᠠᠭᠤᠨ ᠯᠠᠪᠯᠠᠬᠤ᠂ ᠮᠠᠲ᠋ᠧᠷᠢᠶᠠᠯ ᠭᠥᠯᠢᠶᠡᠨ ᠠᠪᠬᠤ᠂ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠦᠷ᠎ᠡ ᠳ᠋ᠦᠩ ᠢ ᠬᠦᠷᠭᠡᠬᠦ ᠵᠡᠷᠭᠡ ︽ᠨᠢᠭᠡ ᠯᠡ ᠥᠷᠲᠡᠭᠡᠨ ᠤ ᠮᠠᠶ᠋ᠢᠭ ︾ ᠎ ᠢᠶᠠᠷ ᠰᠢᠶᠳᠪᠦᠷᠢᠯᠡᠵᠦ ᠳᠠᠭᠤᠰᠬᠠᠬᠤ ᠶᠢ ᠦᠨᠡᠨᠬᠦ ᠠᠬᠢᠭᠤᠯᠤᠨ᠎ᠠ᠃      ᠣᠳᠣᠬᠠᠨ ᠳᠤ᠂ ᠪᠥᠬᠦ ᠶᠠᠪᠤᠴᠠ ᠶᠢ ᠰᠦᠯᠵᠢᠶ᠎ᠡ ᠪᠠᠷ ᠭᠦᠶᠴᠡᠳᠬᠡᠬᠦ᠂ ᠣᠨᠳᠣᠤ ᠭᠠᠵᠠᠷ ᠲᠤ ᠣᠷᠣᠯᠠᠨ ᠬᠤᠷᠢᠶᠠᠨ ᠠᠪᠴᠤ ᠣᠷᠣᠯᠠᠨ ᠭᠦᠶᠴᠡᠳᠬᠡᠬᠦ᠂ ︽ᠨᠡᠶᠢᠳᠡᠮ ᠭᠦᠶᠴᠡᠳᠬᠡᠬᠦ︾ ᠲᠤᠰᠬᠠᠶ ᠣᠷᠣᠨ᠂ ᠥᠪᠡᠰᠦᠪᠡᠨ ᠦᠶᠯᠡᠴᠢᠯᠡᠬᠦ ᠮᠠᠰᠢᠨ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠲᠣᠭᠤᠷᠢᠭ ᠬᠢᠭᠡᠳ 17 ᠮᠤᠵᠢ ᠶᠢᠨ ᠵᠠᠭᠤ ᠰᠢᠬᠠᠮ ᠲᠣᠭᠤᠷᠢᠭ ᠰᠢᠶᠠᠨ ᠤ 189 ᠵᠦᠶᠯᠡᠰ ᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾᠂ 118 ᠵᠦᠶᠯᠡᠰ ᠢ ︽ᠪᠥᠬᠦ  ᠲᠣᠭᠤᠷᠢᠭ ᠲᠤ ᠨᠡᠶᠢᠳᠡᠮ ᠭᠦᠶᠴᠡᠳᠬᠡᠬᠦ︾᠎ ᠶᠢ ᠪᠡᠶᠡᠯᠡᠭᠦᠯᠪᠡ᠃                               ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2