ᠵᠢᠨᠢᠩ ᠲᠣᠭᠤᠷᠢᠭ ᠪᠣᠯᠤᠨ ᠥᠪᠥᠷ ᠮᠣᠩᠭᠤᠯ ᠤᠨ ᠷᠦᠩ ᠪᠠᠩ ᠠᠳᠠᠯ ᠦᠢᠯᠡᠰ ᠤᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/12/18
705470.jpg
    12 ᠰᠠᠷ᠎ᠠ ᠶᠢᠨ 16᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠪᠣᠯᠤᠨ ᠥᠪᠥᠷ ᠮᠣᠩᠭᠤᠯ ᠤᠨ ᠷᠦᠩ ᠪᠠᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃     ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠵᠥᠩ ᠶᠢᠩ ᠪᠥᠲᠥᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ᠂ ᠥᠪᠥᠷ ᠮᠣᠩᠭᠤᠯ ᠤᠨ ᠷᠦᠩ ᠪᠠᠩ ᠠᠳᠠᠯ ᠦᠶᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠤᠸᠠᠨ ᠬᠤᠩ ᠪᠢᠶᠤᠤ᠂ ᠵᠥᠩ ᠶᠢᠩ ᠪᠥᠲᠥᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠪᠦᠯᠦᠭᠯᠡᠯ ᠤᠨ ᠵᠢᠶᠠᠩᠰᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠫᠠᠨ ᠵᠢᠶᠠᠨ ᠭᠦᠸᠧ᠂ ᠥᠪᠥᠷ ᠮᠣᠩᠭᠤᠯ ᠤᠨ ᠷᠦᠩ ᠪᠠᠩ ᠠᠳᠠᠯ ᠦᠶᠯᠡᠰ ᠤᠨ ᠬᠢᠵᠠᠭᠠᠷᠲᠤ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠶᠡᠷᠦᠩᠬᠡᠶ ᠳᠠᠭᠠᠭᠠᠮᠠᠯ ᠶᠤᠸᠠᠨ ᠬᠤᠩ ᠴᠤᠤ ᠬᠤᠷᠠᠯ ᠳᠤ ᠣᠷᠣᠯᠴᠠᠵᠠᠶ᠃     ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠺᠣᠮᠫᠠᠨᠢ ᠶᠢᠨ ᠦᠨᠳᠦᠰᠦᠨ ᠪᠠᠶᠢᠳᠠᠯ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠵᠢᠨᠢᠩ ᠲᠣᠭᠤᠷᠢᠭ ᠤᠨ ᠲᠦᠷᠦᠯ ᠵᠦᠢᠯ ᠤᠨ ᠲᠦᠢᠮᠣ ᠪᠠᠶᠢᠳᠠᠯ ᠤᠨ ᠲᠤᠬᠠᠢ ᠲᠠᠨᠢᠯᠴᠠᠭᠤᠯᠤᠭᠰᠠᠨ ᠤ ᠬᠠᠮᠲᠤ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠵᠢᠨᠢᠩ ᠲᠣᠭᠤᠷᠢᠭ ᠤᠨ ᠪᠡᠯᠡ ᠣᠷᠣᠭᠤᠯᠤᠯᠲᠠ ᠶᠢᠨ ᠪᠠᠶᠢᠷᠢᠰᠢᠭᠤᠯᠤᠯᠲᠠ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠰᠠᠶᠢᠲᠤᠷ ᠲᠥᠯᠥᠪᠵᠢᠭᠦᠯᠵᠦ᠂ ᠠᠷᠠᠳ ᠲᠦᠮᠡᠨ ᠤ ᠣᠷᠣᠰᠢᠨ ᠰᠠᠭᠤᠬᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠪᠠᠰᠠ ᠨᠡᠩ ᠤᠯᠠᠨ ᠰᠢᠯᠢᠳᠡᠭ ᠠᠵᠤ ᠠᠬᠤᠶᠢᠯᠠᠯ ᠢ ᠳᠠᠭᠠᠭᠤᠯᠤᠨ ᠵᠢᠨᠢᠩ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠵᠤ᠂ ᠬᠠᠮᠲᠤᠪᠠᠷ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ ᠃ ᠺᠠᠩ ᠬᠠᠶ ᠷᠦᠢ ᠂ ᠶᠤᠸᠠᠨ ᠬᠤᠩ ᠪᠢᠶᠤᠤ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠣᠳᠠᠲᠠᠶ ᠬᠠᠮᠲᠤᠷᠠᠯᠴᠠᠭᠠᠨ ᠤ ᠬᠡᠯᠡᠯᠴᠡᠭᠡᠷ ᠢ ᠲᠦᠷᠭᠡᠬᠡᠨ ᠲᠣᠭᠲᠠᠭᠠᠵᠤ᠂ ᠵᠦᠶᠯᠡᠰ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠬᠥᠭᠵᠢᠯᠲᠡ ᠶᠢᠨ ᠳᠤᠮᠳᠠ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ ᠡᠭᠦᠨ ᠤ ᠬᠠᠮᠲᠤ᠂ ᠵᠢᠨᠢᠩ ᠲᠣᠭᠤᠷᠢᠭ ᠤᠨ ᠬᠢᠨ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠵᠢᠨᠢᠩ ᠲᠣᠭᠤᠷᠢᠭ ᠲᠠᠬᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ᠎ᠠ ᠭᠡᠵᠡᠢ᠃     ᠶᠠᠩ ᠶᠦᠩ ᠵᠢᠴᠢ ᠵᠠᠰᠠᠭ ᠠᠵᠤ ᠠᠬᠤᠶᠢᠯᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                     ᠤᠷᠴᠢᠭᠤᠯᠤᠭᠴᠢ ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2