| | | | | | | | | | 12 ᠰᠠᠷ᠎ᠠ ᠶᠢᠨ 18 ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠤᠰᠬᠠᠢ ᠰᠡᠳᠦᠪᠲᠦ ᠬᠤᠷᠠᠯ ᠢ | ᠡᠷᠬᠢᠯᠡᠨ ᠬᠤᠷᠠᠯᠳᠤᠭᠤᠯᠵᠤ᠂ ᠵᠢᠨᠢᠩ ᠲᠣᠭᠤᠷᠢᠭ ᠤᠨ 2023 ᠣᠨ ᠤ ᠠᠵᠢᠯ ᠥᠷᠨᠢᠭᠦᠯᠦᠭᠰᠡᠨ ᠪᠠᠶᠢᠳᠠᠯ ᠵᠢᠴᠢ | 2024 ᠣᠨ ᠤ ᠠᠵᠢᠯ ᠤᠨ ᠲᠥᠯᠥᠪᠵᠢᠭᠦᠯᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠤᠨ ᠪᠠᠶᠢᠳᠠᠯ ᠢᠶᠠᠨ ᠲᠣᠰ ᠲᠣᠰ ᠳ᠋ᠦᠩᠨᠡᠭᠰᠡᠨ ᠪᠥᠭᠡᠳ | 2024 ᠣᠨ ᠤ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠢ 2024 ᠣᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠵᠠᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠵᠢᠯ ᠤᠨ ᠡᠬᠢᠨ ᠳᠤ | ᠲᠣᠭᠲᠠᠭᠠᠭᠰᠠᠨ ᠬᠠᠷᠠᠯᠲᠠ ᠡᠭᠦᠷᠭᠡ ᠪᠣᠯᠤᠨ ᠴᠠᠭ ᠤᠨ ᠳᠠᠷᠠᠭᠠᠯᠠᠯ ᠤᠨ ᠠᠬᠢᠴᠠ ᠲᠠᠢ ᠬᠠᠷᠢᠴᠠᠭᠤᠯᠵᠤ᠂ ᠪᠦᠬᠦ | ᠲᠠᠯ᠎ᠠ ᠪᠠᠷ ᠡᠮᠬᠢᠯᠡᠨ ᠪᠦᠷᠢᠳᠬᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠬᠦ ᠶᠢ ᠱᠠᠯᠠᠪᠳᠠᠨ | ᠠᠳᠬᠤᠵᠤ᠂ ᠡᠨᠡ ᠵᠢᠯ ᠤᠨ ᠡᠯ᠎ᠡ ᠵᠦᠢᠯ ᠤᠨ ᠠᠵᠢᠯ ᠤᠨ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠢ᠃ | ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠥᠭᠵᠢᠯᠲᠡ ᠶᠢᠨ ᠰᠡᠳᠬᠢᠴᠡ ᠪᠠᠨ | ᠲᠣᠳᠣᠷᠬᠠᠶᠢᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠣᠨᠣᠪᠴᠢᠲᠠᠢ ᠡᠷᠢᠵᠦ᠂ 2024 ᠣᠨ ᠤ | ᠭᠤᠣᠯᠳᠠᠯᠭ᠎ᠠ ᠲᠠᠢ ᠠᠵᠢᠯ ᠤᠨ ᠲᠥᠯᠥᠪᠵᠢᠭᠦᠯᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠢᠷᠡᠬᠦ | ᠵᠢᠯ ᠤᠨ ᠠᠵᠤ ᠠᠬᠤᠶ ᠶᠢᠨ ᠬᠥᠭᠵᠢᠯᠲᠡ ᠶᠢᠨ ᠭᠤᠣᠯ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠢ | ᠵᠣᠬᠢᠰᠲᠠᠶ ᠪᠠᠷ ᠲᠣᠭᠲᠠᠭᠠᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ | ᠪᠠᠶᠢᠯᠭᠠᠬᠤ ᠪᠠᠷ ᠴᠢᠷᠮᠠᠶᠢᠬᠤ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠶᠢ ᠪᠠᠲᠤ ᠡᠵᠡᠮᠳᠡᠵᠦ᠂ ᠴᠢᠨᠠᠷ ᠰᠠᠶᠢᠲᠠᠢ | ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠤᠨ ᠠᠮᠢᠳᠤᠷᠠᠯ᠂ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠬᠦᠷᠢᠶ᠎ᠡ ᠪᠠᠷ ᠭᠤᠣᠯᠳᠠᠭᠤᠯᠵᠤ᠂ ᠨᠢᠭᠡ ᠪᠦᠯᠦᠭ ᠲᠤᠮᠤ ᠲᠦᠷᠦᠯ | ᠵᠦᠢᠯ᠂ ᠰᠠᠶᠢᠨ ᠲᠦᠷᠦᠯ ᠵᠦᠢᠯ ᠢ ᠨᠥᠭᠡᠴᠡᠯᠡᠬᠦ ᠪᠠ ᠴᠢᠷᠮᠠᠶᠢᠨ ᠣᠯᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭ ᠢᠮᠠᠭᠲᠠ ᠰᠡᠷᠭᠡᠭ ᠪᠠᠶᠢᠬᠤ ᠶᠢ ᠪᠠᠲᠤᠯᠠᠵᠤ᠂ ᠠᠶᠤᠯᠭᠦᠢ | ᠦᠢᠯᠡᠳᠪᠦᠷᠢᠯᠡᠯ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠨᠡᠩ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠶᠤᠤ ᠬᠠᠶ ᠮᠢᠩ᠂ ᠸᠠᠩ ᠯᠢ ᠰᠢᠨ᠂ ᠶᠠᠩ ᠶᠦᠩ᠂ ᠯᠢ ᠯᠢᠨ᠂ ᠯᠢ ᠺᠦᠨ | ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ | ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠤᠷᠴᠢᠭᠤᠯᠤᠭᠴᠢ᠄ ᠲᠤᠶᠠᠭ᠎ᠠ | | | |