ᠺᠠᠩ ᠬᠠᠢ ᠷᠦᠢ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ ᠵᠢᠨᠢᠩ ᠲᠣᠭᠤᠷᠢᠭ ᠤᠨ 2023 ᠣᠨ ᠤ ᠠᠵᠢᠯ ᠥᠷᠨᠢᠭᠦᠯᠦᠭᠰᠡᠨ ᠪᠠᠶᠢᠳᠠᠯ ᠵᠢᠴᠢ 2024 ᠣᠨ ᠤ ᠠᠵᠢᠯ ᠤᠨ ᠲᠥᠯᠥᠪᠵᠢᠭᠦᠯᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/12/19
    12 ᠰᠠᠷ᠎ᠠ ᠶᠢᠨ 18᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠵᠢᠨᠢᠩ ᠲᠣᠭᠤᠷᠢᠭ ᠤᠨ 2023 ᠣᠨ ᠤ ᠠᠵᠢᠯ ᠥᠷᠨᠢᠭᠦᠯᠦᠭᠰᠡᠨ  ᠪᠠᠶᠢᠳᠠᠯ ᠵᠢᠴᠢ 2024 ᠣᠨ ᠤ ᠠᠵᠢᠯ ᠤᠨ ᠲᠥᠯᠥᠪᠵᠢᠭᠦᠯᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃     ᠬᠤᠷᠠᠯ ᠳᠡᠭᠡᠷ᠎ᠡ᠂  ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠤᠨ ᠪᠠᠶᠢᠳᠠᠯ ᠢᠶᠠᠨ ᠲᠣᠰ ᠲᠣᠰ ᠳ᠋ᠦᠩᠨᠡᠭᠰᠡᠨ ᠪᠥᠭᠡᠳ 2024 ᠣᠨ ᠤ ᠠᠵᠢᠯ ᠤᠨ ᠲᠥᠯᠥᠪᠯᠡᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ 2024 ᠣᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠵᠠᠢ᠃     ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠣᠯᠤᠨ ᠴᠠᠭ ᠤᠨ ᠳᠠᠷᠠᠭᠠᠯᠠᠯ ᠤᠨ ᠠᠬᠢᠴᠠ ᠲᠠᠢ ᠬᠠᠷᠢᠴᠠᠭᠤᠯᠵᠤ᠂ ᠪᠦᠬᠦ ᠲᠠᠯ᠎ᠠ ᠪᠠᠷ ᠡᠮᠬᠢᠯᠡᠨ ᠪᠦᠷᠢᠳᠬᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠬᠦ ᠶᠢ ᠱᠠᠯᠠᠪᠳᠠᠨ ᠠᠳᠬᠤᠵᠤ᠂ ᠡᠨᠡ ᠵᠢᠯ ᠤᠨ ᠡᠯ᠎ᠡ ᠵᠦᠢᠯ ᠤᠨ ᠠᠵᠢᠯ ᠤᠨ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠣᠨᠣᠪᠴᠢᠲᠠᠢ ᠡᠷᠢᠵᠦ᠂ 2024 ᠣᠨ ᠤ ᠭᠤᠣᠯᠳᠠᠯᠭ᠎ᠠ ᠲᠠᠢ ᠠᠵᠢᠯ ᠤᠨ ᠲᠥᠯᠥᠪᠵᠢᠭᠦᠯᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠢᠷᠡᠬᠦ ᠵᠢᠯ ᠤᠨ ᠠᠵᠤ ᠠᠬᠤᠶ ᠶᠢᠨ ᠬᠥᠭᠵᠢᠯᠲᠡ ᠶᠢᠨ ᠭᠤᠣᠯ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠷ ᠲᠣᠭᠲᠠᠭᠠᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠪᠠᠷ ᠴᠢᠷᠮᠠᠶᠢᠬᠤ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠶᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠤᠨ ᠠᠮᠢᠳᠤᠷᠠᠯ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠬᠦᠷᠢᠶ᠎ᠡ ᠪᠠᠷ ᠭᠤᠣᠯᠳᠠᠭᠤᠯᠵᠤ᠂ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠨᠥᠭᠡᠴᠡᠯᠡᠬᠦ ᠪᠠ ᠴᠢᠷᠮᠠᠶᠢᠨ ᠣᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭ ᠢᠮᠠᠭᠲᠠ ᠰᠡᠷᠭᠡᠭ ᠪᠠᠶᠢᠬᠤ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ  ᠶᠤᠤ ᠬᠠᠶ ᠮᠢᠩ᠂ ᠸᠠᠩ ᠯᠢ ᠰᠢᠨ᠂ ᠶᠠᠩ ᠶᠦᠩ᠂ ᠯᠢ ᠯᠢᠨ᠂ ᠯᠢ ᠺᠦᠨ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2