| | | | | | | | 12 ᠰᠠᠷ᠎ᠠ ᠶᠢᠨ 21 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ | ᠵᠢᠨᠢᠩ ᠲᠣᠭᠤᠷᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ | ᠰᠤᠳᠤᠯᠵᠠᠶ᠃ | ᠬᠤᠷᠠᠯ ᠠᠴᠠ ᠡᠯ᠎ᠡ ᠢᠯᠴᠢ ᠬᠠᠩᠭᠠᠬᠤ ᠠᠵᠤ ᠠᠬᠤᠶᠢᠯᠠᠯ ᠵᠢᠴᠢ ᠨᠢᠭᠡ ᠰᠢᠶᠠᠩ ᠨᠢᠭᠡ ᠪᠠᠯᠭᠠᠰᠤᠨ ᠤ ᠬᠠᠮᠢᠶ᠎ᠠ | ᠪᠥᠬᠦᠶ ᠬᠠᠷᠢᠭᠤᠴᠠᠯᠭᠠᠲᠠᠨ ᠤ ᠣᠶᠢᠷ᠎ᠠ ᠶᠢᠨ ᠬᠤᠭᠤᠴᠠᠭᠠᠨ ᠤ ᠢᠯᠴᠢ ᠬᠠᠩᠭᠠᠭᠰᠠᠨ ᠪᠠᠶᠢᠳᠠᠯ ᠤᠨ ᠲᠤᠬᠠᠶ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠯᠴᠢ ᠬᠠᠩᠭᠠᠬᠤ ᠠᠵᠢᠯ ᠡᠬᠢᠯᠡᠭᠰᠡᠨ ᠠᠴᠠ ᠨᠠᠰᠢᠬᠢ ᠣᠯᠠᠨ ᠲᠦᠮᠡᠨ ᠤ | ᠲᠤᠰᠬᠠᠯ ᠲᠣᠪᠤᠶᠢᠮ᠎ᠠ ᠪᠠᠶᠢᠭ᠎ᠠ ᠠᠰᠠᠭᠤᠳᠠᠯ ᠢ ᠰᠤᠳᠤᠯᠤᠨ ᠰᠢᠶᠳᠪᠦᠷᠢᠯᠡᠬᠦ ᠶᠢᠨ ᠬᠠᠮᠲᠤ ᠲᠠᠷᠠᠭᠠᠴᠢ ᠶᠢᠨ | ᠠᠯᠬᠤᠮ ᠤᠨ ᠠᠵᠢᠯ ᠤᠨ ᠲᠠᠯ᠎ᠠ ᠪᠠᠷ ᠳᠠᠬᠢᠨ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ | ᠬᠤᠷᠠᠯ ᠠᠴᠠ ᠵᠢᠭᠠᠭᠰᠠᠨ ᠨᠢ ᠂ ᠡᠪᠦᠯ ᠤᠨ ᠤᠯᠠᠷᠢᠯ ᠤᠨ ᠢᠯᠴᠢ ᠬᠠᠩᠭᠠᠬᠤ ᠨᠢ ᠲᠦᠭ ᠲᠦᠮᠡᠨ ᠠᠶᠢᠯ | ᠡᠷᠦᠬᠡ ᠶᠢᠨ ᠳᠤᠯᠠᠭᠠᠨ ᠡᠪᠦᠯᠵᠢᠬᠦ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ | ᠪᠠᠷᠠᠬᠤ ᠥᠬᠡᠶ ᠪᠠᠰᠠ ᠴᠤ ᠤᠯᠤᠰ ᠲᠥᠷᠥ ᠶᠢᠨ ᠡᠭᠦᠷᠭᠡ ᠪᠣᠯᠤᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ | ᠠᠵᠤ ᠠᠬᠤᠶᠢᠯᠠᠯ ᠤᠳ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠦᠵᠡᠯ | ᠤᠬᠠᠮᠰᠠᠷ ᠪᠠ ᠦᠶᠯᠡᠴᠢᠯᠡᠭᠡᠨ ᠤ ᠦᠵᠡᠯ ᠤᠬᠠᠮᠰᠠᠷ ᠢᠶᠠᠨ ᠦᠨᠡᠨᠬᠦ ᠴᠢᠩᠭᠠᠳᠬᠠᠨ ᠪᠠᠭᠤᠷᠠᠶ ᠭᠤᠭᠴᠤᠭ᠎ᠠ ᠶᠢ ᠴᠢᠩᠭ᠎ᠠ | ᠠᠩᠬᠠᠷᠴᠤ᠂ ᠠᠯᠢᠪᠠ ᠬᠦᠴᠢᠷᠳᠡᠯ ᠢ ᠢᠯᠠᠨ ᠳᠠᠪᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠴᠢᠩᠭ᠎ᠠ | ᠪᠣᠳᠠᠲᠠᠶ ᠰᠠᠶᠢᠲᠤᠷ ᠠᠳᠬᠤᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ ᠂ ᠣᠳᠣᠬᠠᠨ ᠳᠤ ᠠᠭᠠᠷ ᠤᠨ ᠳᠤᠯᠠᠭᠠᠨ ᠦᠷᠭᠦᠯᠵᠢᠯᠡᠨ ᠳᠣᠤᠷ᠎ᠠ ᠰᠢᠭ᠋ | ᠪᠠᠶᠢᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠳ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠴᠢ ᠬᠠᠩᠭᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠡᠨᠡ ᠵᠢᠯ ᠤᠨ ᠢᠯᠴᠢ ᠬᠠᠩᠭᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠬᠤᠪᠢᠷᠠᠯᠲᠠ᠂ ᠰᠢᠨ᠎ᠡ | ᠪᠠᠶᠢᠳᠠᠯ ᠢ ᠭᠦᠶᠴᠡᠳ ᠲᠠᠨᠢᠵᠤ᠂ ᠬᠢᠨᠠᠯᠲᠠ ᠪᠠᠶᠢᠴᠠᠭᠠᠯᠲᠠ ᠪᠠᠨ ᠪᠥᠬᠦ ᠲᠠᠯ᠎ᠠ ᠪᠠᠷ ᠴᠢᠩᠭᠠᠳᠬᠠᠨ᠂ ᠢᠯᠴᠢ | ᠬᠠᠩᠭᠠᠬᠤ ᠶᠢ ᠪᠠᠲᠤᠯᠠᠵᠤ᠂ ᠢᠯᠴᠢ ᠬᠠᠩᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠲᠤᠰᠬᠠᠶ ᠮᠡᠷᠭᠡᠵᠢᠯᠲᠡᠨ ᠲᠣᠮᠢᠯᠠᠨ ᠰᠠᠭᠤᠯᠭᠠᠵᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠂ | ᠲᠤᠬᠠᠶ ᠶᠢᠨ ᠲᠠᠯᠠᠪᠤᠷ ᠲᠤᠨᠢ ᠳᠤᠯᠠᠭᠠᠯᠭ᠎ᠠ ᠶᠢᠨ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠥᠷᠬᠦ ᠥᠬᠡᠶ ᠪᠠᠶᠢᠬᠤ | ᠰᠢᠯᠲᠠᠭᠠᠨ ᠢ ᠵᠠᠳᠠᠯᠤᠨ ᠬᠠᠷᠢᠭᠤᠯᠵᠤ᠂ ᠵᠠᠰᠠᠭ ᠠᠵᠤ ᠠᠬᠤᠶᠢᠯᠠᠯ ᠭᠠᠷ ᠬᠤᠯᠪᠣᠨ ᠳᠤᠯᠠᠭᠠᠯᠭ᠎ᠠ ᠶᠢ ᠦᠨᠡᠨ ᠬᠦ | ᠪᠠᠲᠤᠯᠠᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠷᠢᠶ᠎ᠠ | ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ | ᠬᠠᠮᠢᠶᠠᠷᠴᠤ ᠳᠣᠭᠢᠷᠠᠭᠤᠯᠬᠤ ᠬᠠᠷᠢᠭᠤᠴᠠᠯᠭ᠎ᠠ᠂ ᠢᠯᠴᠢ ᠬᠠᠩᠭᠠᠬᠤ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ | ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠷᠠᠭᠤᠯᠤᠨ᠂ ᠭᠡᠨᠡᠳᠲᠡ ᠶᠢᠨ ᠪᠠᠶᠢᠳᠠᠯ ᠢ ᠠᠷᠭᠠᠴᠠᠬᠤ᠂ ᠲᠦᠢᠯ ᠤᠨ | ᠬᠡᠴᠡᠭᠦᠤ ᠴᠠᠭ ᠠᠭᠤᠷ ᠪᠠ ᠠᠶᠤᠯ ᠠᠴᠠ ᠠᠪᠤᠷᠬᠠᠤ ᠰᠢᠶᠳᠪᠦᠷᠢᠯᠡᠬᠦ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠲᠦᠭ ᠲᠦᠮᠡᠨ ᠠᠶᠢᠯ ᠡᠷᠦᠬᠡ ᠶᠢ ᠳᠤᠯᠠᠭᠠᠨ ᠡᠪᠦᠯᠵᠢᠬᠦᠯᠬᠦ ᠬᠡᠷᠡᠭᠲᠡᠶ᠃ | ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ | ᠭᠤᠳᠤᠮᠵᠢ ᠵᠢᠴᠢ ᠢᠯᠴᠢ ᠬᠠᠩᠭᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠤᠷᠤᠯᠴᠠᠵᠠᠢ ᠃ | | | |