ᠺᠠᠩ ᠬᠠᠶ ᠷᠦᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠵᠢᠨᠢᠩ ᠲᠣᠭᠤᠷᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ ᠬᠤᠯᠪᠣᠭᠳᠠᠯ ᠪᠥᠬᠦᠶ ᠵᠦᠶᠯᠡᠰ ᠢ ᠰᠤᠳᠤᠯᠪᠠ
ᠨᠡᠶᠢᠲᠡᠯᠡᠭᠰᠡᠨ ᠴᠠᠭ᠄
2023/12/22
   12 ᠰᠠᠷ᠎ᠠ ᠶᠢᠨ 21᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠨᠢᠩ ᠲᠣᠭᠤᠷᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃     ᠬᠤᠷᠠᠯ ᠠᠴᠠ ᠡᠯ᠎ᠡ ᠢᠯᠴᠢ ᠬᠠᠩᠭᠠᠬᠤ ᠠᠵᠤ ᠠᠬᠤᠶᠢᠯᠠᠯ ᠵᠢᠴᠢ ᠨᠢᠭᠡ ᠰᠢᠶᠠᠩ ᠨᠢᠭᠡ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠣᠶᠢᠷ᠎ᠠ ᠶᠢᠨ ᠬᠤᠭᠤᠴᠠᠭᠠᠨ ᠤ ᠢᠯᠴᠢ ᠬᠠᠩᠭᠠᠭᠰᠠᠨ ᠪᠠᠶᠢᠳᠠᠯ ᠤᠨ ᠲᠤᠬᠠᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠯᠴᠢ ᠬᠠᠩᠭᠠᠬᠤ ᠠᠵᠢᠯ ᠡᠬᠢᠯᠡᠭᠰᠡᠨ ᠠᠴᠠ ᠨᠠᠰᠢᠬᠢ ᠣᠯᠠᠨ ᠲᠦᠮᠡᠨ ᠤ ᠲᠤᠰᠬᠠᠯ ᠲᠣᠪᠤᠶᠢᠮ᠎ᠠ ᠪᠠᠶᠢᠭ᠎ᠠ ᠠᠰᠠᠭᠤᠳᠠᠯ ᠢ ᠰᠤᠳᠤᠯᠤᠨ ᠰᠢᠶᠳᠪᠦᠷᠢᠯᠡᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠳᠠᠬᠢᠨ ᠲᠣᠬᠢᠷᠠᠭᠤᠯᠤᠯᠲᠠ ᠬᠢᠵᠦ  ᠪᠠᠶᠢᠷᠢᠯᠠᠭᠤᠯᠪᠠ᠃      ᠬᠤᠷᠠᠯ ᠠᠴᠠ ᠵᠢᠭᠠᠭᠰᠠᠨ ᠨᠢ ᠂ ᠡᠪᠦᠯ ᠤᠨ ᠤᠯᠠᠷᠢᠯ ᠤᠨ ᠢᠯᠴᠢ ᠬᠠᠩᠭᠠᠬᠤ ᠨᠢ ᠲᠦᠭ ᠲᠦᠮᠡᠨ ᠠᠶᠢᠯ ᠡᠷᠦᠬᠡ ᠶᠢᠨ ᠳᠤᠯᠠᠭᠠᠨ ᠡᠪᠦᠯᠵᠢᠬᠦ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠥᠬᠡᠶ ᠪᠠᠰᠠ ᠴᠤ ᠤᠯᠤᠰ ᠲᠥᠷᠥ ᠶᠢᠨ ᠡᠭᠦᠷᠭᠡ ᠪᠣᠯᠤᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠠᠵᠤ ᠠᠬᠤᠶᠢᠯᠠᠯ ᠤᠳ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠦᠶᠯᠡᠴᠢᠯᠡᠭᠡᠨ ᠤ ᠦᠵᠡᠯ ᠤᠬᠠᠮᠰᠠᠷ ᠢᠶᠠᠨ ᠦᠨᠡᠨᠬᠦ ᠴᠢᠩᠭᠠᠳᠬᠠᠨ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠠᠯᠢᠪᠠ ᠬᠦᠴᠢᠷᠳᠡᠯ ᠢ ᠢᠯᠠᠨ ᠳᠠᠪᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠴᠢᠩᠭ᠎ᠠ  ᠪᠣᠳᠠᠲᠠᠶ ᠰᠠᠶᠢᠲᠤᠷ ᠠᠳᠬᠤᠬᠤ ᠬᠡᠷᠡᠭᠲᠡᠶ᠃       ᠬᠤᠷᠠᠯ ᠠᠴᠠ ᠴᠢᠬᠤᠯᠠᠴᠢᠯᠠᠭᠰᠠᠨ ᠨᠢ ᠂ ᠣᠳᠣᠬᠠᠨ ᠳᠤ ᠠᠭᠠᠷ ᠤᠨ ᠳᠤᠯᠠᠭᠠᠨ ᠦᠷᠭᠦᠯᠵᠢᠯᠡᠨ ᠳᠣᠤᠷ᠎ᠠ ᠰᠢᠭ᠋ ᠪᠠᠶᠢᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠴᠢ ᠬᠠᠩᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠨᠡ ᠵᠢᠯ ᠤᠨ ᠢᠯᠴᠢ ᠬᠠᠩᠭᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠬᠤᠪᠢᠷᠠᠯᠲᠠ᠂ ᠰᠢᠨ᠎ᠡ ᠪᠠᠶᠢᠳᠠᠯ ᠢ ᠭᠦᠶᠴᠡᠳ ᠲᠠᠨᠢᠵᠤ᠂ ᠬᠢᠨᠠᠯᠲᠠ ᠪᠠᠶᠢᠴᠠᠭᠠᠯᠲᠠ ᠪᠠᠨ ᠪᠥᠬᠦ ᠲᠠᠯ᠎ᠠ ᠪᠠᠷ ᠴᠢᠩᠭᠠᠳᠬᠠᠨ᠂ ᠢᠯᠴᠢ ᠬᠠᠩᠭᠠᠬᠤ ᠶᠢ ᠪᠠᠲᠤᠯᠠᠵᠤ᠂ ᠢᠯᠴᠢ ᠬᠠᠩᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠲᠤᠰᠬᠠᠶ ᠮᠡᠷᠭᠡᠵᠢᠯᠲᠡᠨ ᠲᠣᠮᠢᠯᠠᠨ ᠰᠠᠭᠤᠯᠭᠠᠵᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠂ ᠲᠤᠬᠠᠶ ᠶᠢᠨ ᠲᠠᠯᠠᠪᠤᠷ ᠲᠤᠨᠢ ᠳᠤᠯᠠᠭᠠᠯᠭ᠎ᠠ ᠶᠢᠨ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠥᠷᠬᠦ ᠥᠬᠡᠶ ᠪᠠᠶᠢᠬᠤ ᠰᠢᠯᠲᠠᠭᠠᠨ ᠢ ᠵᠠᠳᠠᠯᠤᠨ ᠬᠠᠷᠢᠭᠤᠯᠵᠤ᠂ ᠵᠠᠰᠠᠭ ᠠᠵᠤ ᠠᠬᠤᠶᠢᠯᠠᠯ ᠭᠠᠷ ᠬᠤᠯᠪᠣᠨ ᠳᠤᠯᠠᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠳᠣᠭᠢᠷᠠᠭᠤᠯᠬᠤ ᠬᠠᠷᠢᠭᠤᠴᠠᠯᠭ᠎ᠠ᠂ ᠢᠯᠴᠢ ᠬᠠᠩᠭᠠᠬᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠷᠠᠭᠤᠯᠤᠨ᠂ ᠭᠡᠨᠡᠳᠲᠡ ᠶᠢᠨ ᠪᠠᠶᠢᠳᠠᠯ ᠢ ᠠᠷᠭᠠᠴᠠᠬᠤ᠂ ᠲᠦᠢᠯ ᠤᠨ ᠬᠡᠴᠡᠭᠦᠤ ᠴᠠᠭ ᠠᠭᠤᠷ ᠪᠠ ᠠᠶᠤᠯ ᠠᠴᠠ ᠠᠪᠤᠷᠬᠠᠤ ᠰᠢᠶᠳᠪᠦᠷᠢᠯᠡᠬᠦ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠦᠭ ᠲᠦᠮᠡᠨ ᠠᠶᠢᠯ ᠡᠷᠦᠬᠡ ᠎ ᠶᠢ  ᠳᠤᠯᠠᠭᠠᠨ ᠡᠪᠦᠯᠵᠢᠬᠦᠯᠬᠦ  ᠬᠡᠷᠡᠭᠲᠡᠶ᠃       ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠢᠯᠴᠢ ᠬᠠᠩᠭᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ  ᠤᠷᠤᠯᠴᠠᠵᠠᠢ ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2