ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/12/25
705470.jpg
       12 ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠭᠰᠠᠨ ᠶᠡᠷᠦᠩᠬᠡᠢ ᠪᠠᠶᠢᠳᠠᠯ ᠢ ᠰᠣᠨᠣᠰᠴᠤ᠂ ᠡᠯ᠎ᠡ ᠬᠠᠷᠢᠭᠤᠴᠠᠯᠭᠠᠲᠤ ᠨᠢᠭᠡᠴᠢ ᠶᠢᠨ ᠬᠢᠨ ᠤᠶᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃       ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠪᠠᠷᠢᠮᠵᠢᠶ᠎ᠠ ᠳᠤ ᠵᠣᠬᠢᠴᠠᠭᠤᠯᠤᠨ ᠬᠦᠰᠦᠨᠦᠭᠲᠦ ᠳᠤ ᠴᠢᠭᠯᠡᠭᠦᠯᠦᠨ ᠠᠷᠭ᠎ᠠ ᠰᠦᠪᠡᠭᠴᠢᠯᠡᠵᠦ᠂ ᠨᠠᠷᠢᠨ ᠨᠢᠮᠪᠠᠶ ᠲᠥᠯᠥᠪᠯᠡᠨ ᠪᠠᠶᠢᠷᠢᠯᠠᠭᠤᠯᠵᠤ᠂ ᠬᠦᠴᠦᠨ ᠵᠶ᠋ᠠᠨ‌‍ᠲ᠋ᠥ᠋ᠪᠯᠡᠷᠡᠭᠦᠯᠦᠨ ᠡᠪᠦᠯ ᠤᠨ ᠤᠯᠠᠷᠢᠯ ᠤᠨ ᠵᠢᠭᠤᠯᠴᠢᠯᠠᠯ ᠢ ᠬᠦᠭᠵᠢᠬᠦᠯᠬᠦ ᠶᠢ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠲᠤᠭᠤᠷᠢᠭ ᠤᠨ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠦᠴᠦᠨ ᠵᠦᠶᠯ ᠤᠨ ᠪᠠᠲᠤᠯᠠᠭ᠎ᠠ ᠶᠢ ᠴᠢᠩᠭᠠᠳᠬᠠᠨ᠂ ᠠᠭᠤᠷ ᠠᠮᠢᠰᠬᠤᠯ ᠢ ᠪᠣᠶ ᠪᠣᠯᠭᠠᠬᠤ᠂ ᠢᠳᠡᠭᠡᠨ ᠤ ᠠᠮᠤᠷ ᠲᠦᠪᠰᠢᠨ ᠵᠡᠷᠭᠡ ᠡᠯ᠎ᠡ ᠵᠦᠶᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠶ᠃  ᠲᠤᠯᠭᠠᠮ᠎ᠠ ᠰᠡᠳᠬᠢᠯᠭᠡ ᠪᠠᠷ  ᠲᠦᠷᠦᠯ ᠵᠦᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠮᠥᠰᠥ ᠴᠠᠰᠤᠨ ᠤ ᠵᠢᠭᠤᠯᠴᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠲᠣᠭᠲᠠᠭᠰᠠᠨ ᠬᠤᠭᠤᠴᠠᠭᠠᠨ ᠳᠤ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢᠶᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠲᠤᠰ ᠭᠠᠵᠠᠷ ᠣᠷᠣᠨ ᠤ ᠪᠠᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠵᠤ᠂ ᠠᠷᠠᠳ ᠤᠨ ᠣᠷᠣᠨ ᠰᠠᠭᠤᠴᠠ᠂ ᠭᠡᠷ ᠲᠡᠷᠭᠡ ᠪᠠᠭᠤᠴᠠ᠂ ᠬᠠᠯᠠᠭᠤᠨ ᠷᠠᠰᠢᠶᠠᠨ ᠤ ᠪᠠᠭᠤᠳᠠᠯ ᠵᠡᠷᠭᠡ ᠡᠯ᠎ᠡ ᠲᠦᠷᠦᠯ ‍ᠤᠨ‌ᠵᠢᠭᠤᠯᠴᠢᠯᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠬᠤᠳᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ︽ᠠᠯᠪᠠᠨ ᠤ ᠵᠠᠭᠤᠴᠢᠯᠠᠭᠤᠷ + ᠬᠤᠪᠢ ᠶᠢᠨ ᠵᠠᠭᠤᠴᠢᠯᠠᠭᠤᠷ︾᠎ ᠤᠨ ᠤᠬᠠᠭᠤᠯᠭ᠎ᠠ ᠶᠢᠨ ᠵᠠᠭᠪᠤᠷ ᠢ ᠬᠡᠷᠡᠭᠯᠡᠨ᠂ ᠡᠪᠦᠯ ᠤᠨ ᠤᠯᠠᠷᠢᠯ ᠤᠨ ᠵᠢᠭᠤᠯᠴᠢᠯᠠᠯ ‍ᠤᠨ‌ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃     ᠲᠤᠭᠤᠷᠢᠭ ᠤᠨ ᠤᠳᠤᠷᠢᠳᠤᠯᠭ᠎ᠠ ᠺᠠᠩ ᠬᠠᠢ ᠷᠦᠢ᠂  ᠶᠤᠤ ᠬᠠᠢ ᠮᠢᠩ᠂ ᠵᠠᠩ ᡁᠢ ᠷᠦᠩ᠂ ᠯᠢ ᠯᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                              ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2