ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/28
      12 ᠰᠠᠷ᠎ᠠ ᠶᠢᠨ 27᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ  ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠎ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠤᠴᠠ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰ ᠪᠡᠶ᠎ᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ︽ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠰᠦᠯᠵᠢᠶᠡᠨ ᠳᠤ ᠭᠠᠷᠭᠠᠬᠤ ᠦᠭᠡᠢ᠂ ᠰᠦᠯᠵᠢᠶᠡᠨ ᠳᠤ ᠭᠠᠷᠬᠤ ᠮᠡᠳᠡᠭᠡ ᠵᠠᠩᠭᠢ ᠶᠢ ᠨᠢᠭᠤᠴᠠ ᠳᠤ ᠣᠷᠣᠭᠤᠯᠬᠤ ᠦᠭᠡᠢ︾ ᠪᠠᠶᠢᠬᠤ ᠶᠢ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠬᠤ ᠬᠡᠷᠡᠭᠲᠡᠶ᠃ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠪᠤᠢ ᠪᠣᠯᠭᠠᠵᠤ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠬᠤᠷᠢᠶᠠᠨ ᠠᠪᠴᠤ᠂ ᠲᠤᠰᠬᠠᠶ ᠬᠥᠮᠦᠨ ᠢᠶᠠᠷ ᠬᠠᠳᠠᠭᠠᠯᠠᠭᠤᠯᠵᠤ᠂ ᠰᠦᠯᠵᠢᠶᠡᠨ ᠳᠡᠭᠡᠷ᠎ᠡ ᠳᠠᠮᠵᠢᠭᠤᠯᠬᠤ᠂ ᠠᠮᠠ ᠪᠠᠷ ᠳᠠᠮᠵᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃    ᠬᠤᠷᠠᠯ ᠠᠴᠠ ᠥᠪᠥᠷ ᠮᠣᠩᠭᠤᠯ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠪᠣᠯᠤᠨ ᠪᠦᠬᠦ ᠬᠤᠳᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ  ᠲᠤᠭᠤᠷᠢᠭ ᠤᠨ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠎ ᠠᠴᠠ ᠱᠠᠭᠠᠷᠳᠠᠭᠰᠠᠨ ᠨᠢ᠂ ᠥᠨᠳᠥᠷ ᠲᠦᠪᠰᠢᠨ ᠢᠶᠠᠷ ᠬᠠᠤᠯᠢᠵᠢᠯ ᠤᠨ ᠪᠠᠶᠢᠭᠤᠯᠤᠯᠲᠠ ᠶᠢ ᠰᠦᠪᠡᠭᠴᠢᠯᠡᠬᠦ ᠶᠢ ᠪᠠᠷᠢᠮᠲᠠᠯᠠᠵᠤ᠂ ᠪᠠᠷᠢᠮᠵᠢᠶ᠎ᠠ ᠶᠢ ᠬᠠᠷᠭᠤᠭᠤᠯᠵᠤ ᠬᠦᠰᠦᠨᠦᠭᠲᠦ ᠶᠢ ᠬᠠᠷᠭᠤᠭᠤᠯᠬᠤ ᠶᠢ ᠴᠢᠩᠳᠠᠯᠠᠵᠤ᠂ ᠮᠠᠨ ᠤ  ᠲᠤᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠶᠣᠰᠣᠭᠠᠷ ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠠᠬᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠤᠯ ᠬᠠᠷᠠᠯᠲᠠ ᠪᠣᠯᠤᠨ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ ᠶᠢ ᠵᠢᠷᠤᠮᠵᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠳᠤ ᠲᠠᠯᠪᠢᠬᠤ ᠬᠢᠨᠠᠯᠲᠠ ᠪᠠ ᠬᠢᠵᠠᠭᠠᠷᠯᠠᠯ ᠢ ᠴᠢᠩᠭᠠᠳᠬᠠᠵᠤ᠂ ︽ᠭᠤᠷᠪᠠᠨ ᠴᠢᠬᠤᠯᠠ ᠨᠢᠭᠡ ᠶᠡᠭᠡ︾᠎ ᠶᠢᠨ ᠵᠦᠢᠯᠡᠰ ᠲᠤ ᠬᠠᠤᠯᠢ ᠲᠣᠭᠲᠠᠭᠠᠯ ᠶᠣᠰᠣᠭᠠᠷ ᠰᠢᠶᠳᠪᠦᠷᠢᠲᠦ ᠪᠤᠳᠤᠯᠭ᠎ᠠ ᠲᠣᠭᠲᠠᠭᠠᠵᠤ᠂ ᠬᠠᠮᠲᠤ ᠪᠠᠷ ᠰᠤᠳᠤᠯᠤᠨ ᠲᠣᠭᠲᠠᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠨᠠᠷ ᠰᠠᠶᠢᠲᠠᠶ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠴᠢᠩᠭ᠎ᠠ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠤᠨ ︽ᠡᠵᠡᠨ ᠬᠥᠮᠦᠨ ᠤ ᠤᠬᠠᠮᠰᠠᠷ︾᠎ ᠢ ᠬᠥᠮᠦᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠬᠠᠮᠰᠠᠷ ᠠᠴᠠ ᠪᠠᠨ ᠰᠠᠬᠢᠵᠤ᠂ ᠥᠨᠳᠥᠷ ᠪᠠᠷᠢᠮᠵᠢᠶ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃     ᠬᠤᠷᠠᠯ ᠠᠴᠠ ᠮᠠᠨ ᠤ  ᠲᠤᠭᠤᠷᠢᠭ ᠤᠨ 2023 ᠣᠨ ᠤ ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠬᠤᠣᠷᠲᠤ ᠡᠳ᠋ ᠢ ᠴᠠᠭᠠᠵᠠᠯᠠᠬᠤ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠣᠷᠲᠤ ᠡᠳ᠋ ᠢ ᠴᠠᠭᠠᠵᠠᠯᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠤᠣᠷᠲᠤ ᠡᠳ᠋ ᠢ ᠴᠠᠭᠠᠵᠠᠯᠠᠬᠤ ᠠᠵᠢᠯ ᠢ ᠦᠨᠡᠨ ᠬᠦ ᠠᠳᠬᠤᠵᠤ᠂ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠬᠢ ᠰᠤᠷᠪᠤᠯᠵᠢ ᠶᠢ ᠠᠷᠢᠯᠭᠠᠨ ᠲᠡᠰᠦᠯᠵᠦ᠂ ᠬᠤᠤᠷ ᠴᠠᠭᠠᠵᠠᠯᠠᠬᠤ ᠪᠠ ᠴᠣᠬᠢᠯᠲᠠ ᠥᠭᠬᠦ ᠡᠷᠴᠢᠮ ᠢ ᠴᠢᠩᠭᠠᠷᠠᠭᠤᠯᠵᠤ᠂ ︽ᠨᠢᠭᠡ ᠳᠤ ᠴᠣᠬᠢᠯᠲᠠ ᠥᠭᠴᠦ᠂ ᠨᠢᠭᠡ ᠶᠢ ᠭᠦᠨ ᠮᠠᠯᠲᠠᠬᠤ︾ ᠦᠷ᠎ᠡ ᠪᠦᠲᠦᠮᠵᠢ ᠶᠢ ᠪᠡᠶᠡᠯᠡᠭᠦᠯᠵᠦ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢᠨ ᠪᠣᠶ ᠪᠣᠯᠬᠤ ᠬᠥᠷᠥᠰᠥ ᠰᠢᠷᠣᠶ ᠶᠢ ᠪᠥᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ ᠡᠯ᠎ᠡ ᠲᠥᠷᠥᠯ ᠤᠨ ᠵᠠᠭᠤᠴᠢᠯᠠᠭᠤᠷ ᠢ ᠬᠡᠷᠡᠭᠯᠡᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠠᠷᠠᠳ ᠲᠦᠮᠡᠨ ᠤ ᠬᠤᠤᠷᠲᠤ ᠡᠳ᠋ ᠢ ᠰᠡᠷᠭᠡᠶᠢᠯᠡᠬᠦ᠂ ᠬᠤᠤᠷᠲᠤ ᠡᠳ᠋ ᠢ ᠲᠡᠪᠴᠢᠬᠦ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠰᠢᠨ᠎ᠡ ᠪᠠᠷ ᠬᠤᠤᠷ ᠲᠠᠲᠠᠬᠤ ᠬᠥᠮᠦᠰ ᠤᠨ ᠪᠣᠶ ᠪᠣᠯᠬᠤ ᠶᠢ ᠦᠨᠳᠦᠰᠦᠨ ᠠᠴᠠ ᠨᠢ ᠪᠠᠭᠠᠰᠬᠠᠬᠤ ᠬᠡᠷᠡᠭᠲᠡᠶ᠃    ᠬᠤᠷᠠᠯ ᠠᠴᠠ ᠮᠠᠨ ᠤ ᠲᠤᠭᠤᠷᠢᠭ ᠤᠨ 2023 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  ᠬᠤᠷᠠᠯ ᠎ ᠠᠴᠠ ᠱᠠᠭᠠᠷᠳᠠᠭᠰᠠᠨ ᠨᠢ᠂ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠬᠤ ᠶᠠᠪᠤᠳᠠᠯ ᠢ ᠣᠳᠣᠬᠠᠨ ᠤ ᠭᠤᠣᠯᠳᠠᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠦᠨᠡᠨ ᠪᠣᠳᠠᠲᠠᠶ ᠦᠶᠯᠡᠳᠦᠯ ᠭᠠᠷᠭᠠᠵᠤ᠂ ᠦᠨᠳᠦᠰᠦᠲᠡᠨ ᠤ ᠠᠰᠠᠭᠤᠳᠠᠯ ᠢ ᠰᠢᠶᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ     ᠬᠤᠷᠠᠯ ᠠᠴᠠ ᠮᠠᠨ ᠤ  ᠲᠤᠭᠤᠷᠢᠭ ᠤᠨ 2023 ᠣᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠴᠢᠬᠤᠯᠠᠴᠢᠯᠠᠭᠰᠠᠨ ᠨᠢ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠳᠠᠭᠠᠳᠬᠠᠯ ᠢ ᠳᠠᠭᠠᠭᠠᠴᠢᠯᠠᠭᠰᠠᠨ ᠺᠠᠳ᠋ᠷᠴᠤᠳ ᠤᠨ ᠢᠳᠡᠭᠡᠨ ᠤ ᠠᠮᠤᠷ ᠲᠦᠪᠰᠢᠨ ᠤ ᠳᠠᠭᠠᠳᠬᠠᠯ ᠢ ᠳᠠᠭᠠᠭᠠᠴᠢᠯᠠᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠬᠦ ᠶᠢ ᠰᠢᠮᠳᠠᠭᠤᠯᠵᠤ᠂ ᠡᠯ᠎ᠡ ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠶᠢ ᠴᠢᠩᠭ᠎ᠠ ᠠᠳᠬᠤᠨ᠂ ᠵᠠᠩᠭᠢᠯᠠᠭ᠎ᠠ ᠶᠢ ᠠᠳᠬᠤᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠠᠳᠡᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ ᠮᠠᠨ ᠤ ᠲᠤᠭᠤᠷᠢᠭ ᠤᠨ  2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠎ ᠠᠴᠠ  ᠱᠠᠭᠠᠷᠳᠠᠭᠰᠠᠨ ᠨᠢ ᠂ ᠦᠨᠳᠦᠰᠦᠨ ᠱᠠᠲᠤᠨ ᠤ ᠵᠠᠰᠠᠯᠲᠠ ᠶᠢᠨ  ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠤᠯᠠᠨ ᠲᠦᠮᠡᠨ ᠢ ᠬᠦᠳᠦᠯᠦᠨ ᠳᠠᠭᠠᠭᠤᠯᠵᠤ ᠪᠠᠶᠢᠭᠠᠳ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠭᠦᠯᠬᠦ ᠬᠡᠷᠡᠭᠲᠡᠢ᠃ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠪᠠᠳᠠᠷᠠᠭᠤᠯᠬᠤ ᠬᠡᠷᠡᠭᠲᠡᠶ ᠵᠣᠬᠢᠴᠠᠭᠤᠯᠤᠨ ᠤᠯᠤᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠥᠨᠳᠡᠯᠡᠨ ᠴᠢᠭᠯᠡᠯ ᠢᠶᠠᠷ ᠬᠠᠮᠵᠢᠯᠴᠠᠭᠰᠠᠨ᠂ ᠭᠤᠯᠳᠤ ᠴᠢᠭᠯᠡᠯ ᠢᠶᠠᠷ ᠨᠢᠭᠡᠳᠦᠯᠲᠡᠢ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ ᠃     ᠬᠤᠷᠠᠯ ᠠᠴᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ 2023 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠮᠠᠭᠠᠳᠯᠠᠬᠤ ᠴᠢᠳᠠᠪᠤᠷᠢ ᠪᠠ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠭᠦᠨᠵᠡᠭᠡᠢ ᠰᠤᠷᠤᠯᠴᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠪᠠᠷ ᠨᠢᠭᠡᠳᠦᠭᠡᠷ ᠪᠠᠷᠢᠮᠵᠢᠶ᠎ᠠ ᠪᠣᠯᠭᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠪᠣᠯᠤᠨ ᠠᠷᠢᠭᠤᠨ ᠴᠢᠬᠡᠴᠢ ᠶᠢᠨ ᠤᠬᠠᠮᠰᠠᠷ ᠢ ᠴᠢᠩᠭᠠᠳᠬᠠᠵᠤ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠦᠨᠡᠨᠬᠦ ᠰᠠᠶᠢᠲᠤᠷ ᠭᠦᠢᠴᠡᠳᠬᠡᠵᠦ᠂ ᠵᠣᠷᠢᠭᠲᠠᠢ ᠠᠳᠬᠤᠵᠤ ᠵᠣᠷᠢᠭᠲᠠᠢ ᠬᠠᠮᠢᠶᠠᠷᠴᠤ ᠵᠣᠷᠢᠭᠲᠠᠢ ᠡᠭᠦᠷᠭᠡᠯᠡᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠬᠤ ᠬᠡᠷᠡᠭᠲᠡᠢ᠃ ᠬᠠᠤᠯᠢ ᠴᠠᠭᠠᠵᠠ ᠪᠠ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠴᠡᠭᠡᠵᠢᠯᠡᠵᠦ᠂ ᠬᠤᠷᠢᠭ᠎ᠠ ᠱᠤᠭᠤᠮ ᠢ ᠪᠠᠲᠤ ᠰᠠᠬᠢᠵᠤ᠂  ᠴᠠᠭ ᠢᠮᠠᠭᠲᠠ ᠥᠪᠡᠷ ᠢ ᠪᠠᠨ ᠲᠤᠩᠭᠠᠨ ᠥᠪᠡᠷ ᠢ ᠪᠠᠨ ᠰᠡᠷᠡᠮᠵᠢᠯᠡᠭᠦᠯᠵᠦ᠂ ᠡᠭᠦᠷᠭᠡ ᠲᠤᠰᠢᠶᠠᠯ ᠪᠠ ᠡᠷᠬᠡ ᠳᠤ ᠵᠥᠪ ᠢᠶᠠᠷ ᠬᠠᠨᠳᠤᠵᠤ᠂ ᠰᠤᠷᠲᠠᠯ ᠴᠢᠬᠡᠴᠢ ᠣᠪᠣᠷ ᠲᠥᠪ ᠰᠠᠬᠢᠯᠭ᠎ᠠ ᠪᠠᠲᠤ ᠶᠢ ᠰᠠᠬᠢᠬᠤ ᠶᠢ ᠨᠢᠭᠡᠳᠦᠭᠡᠷ ᠬᠤᠷᠢᠭ᠎ᠠ ᠱᠤᠭᠤᠮ ᠪᠣᠯᠭᠠᠬᠤ ᠬᠡᠷᠡᠭᠲᠡᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2