ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2023/12/4
     ᠤᠯᠠᠭᠠᠨᠴᠠᠪ ᠬᠤᠲᠠ ᠪᠣᠯ ᠥᠪᠡᠷᠲᠡᠭᠡᠨ ᠵᠠᠰᠠᠬᠤ ᠣᠷᠣᠨ ᠤ ᠤᠰᠤ ᠳᠤᠲᠠᠭᠳᠠᠬᠤ ᠬᠡᠯᠪᠡᠷᠢ ᠶᠢᠨ ᠲᠠᠪᠤᠨ ᠬᠤᠲᠠ ᠶᠢᠨ ᠨᠢᠭᠡ ᠪᠠᠶᠢᠵᠤ᠂ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠤᠰᠤᠨ ᠤ ᠡᠬᠢ ᠪᠠᠶᠠᠯᠢᠭ ᠤᠨ ᠡᠵᠡᠯᠡᠬᠦ ᠬᠡᠮᠵᠢᠶ᠎ᠡ ᠨᠢ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠶᠢᠨ 1/4᠎ ᠳᠤ ᠬᠦᠷᠬᠦ ᠦᠭᠡᠢ ᠪᠠᠶᠢᠵᠤ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠠᠶᠢᠳᠠᠯ ᠡᠳᠦᠷ ᠢᠷᠡᠬᠦᠶ᠎ᠡ ᠬᠦᠨᠳᠦ ᠬᠡᠴᠡᠭᠦᠦ ᠪᠣᠯᠵᠤ ᠪᠠᠶᠢᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠬᠤ ᠶᠢᠨ ᠲᠥᠯᠥᠭᠡ᠂ ᠣᠨᠴᠠᠭᠠᠶᠢᠯᠠᠨ ᠳᠣᠣᠷᠠᠬᠢ ᠮᠡᠲᠦ ᠵᠠᠷᠯᠠᠪᠠ᠄      ᠨᠢᠭᠡ᠂ ᠥᠷᠭᠡᠨ ᠣᠯᠠᠨ ᠬᠤᠲᠠ ᠶᠢᠨ ᠠᠷᠠᠳ ᠤᠰᠤ ᠠᠷᠪᠢᠯᠠᠬᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠤᠰᠤ ᠬᠡᠷᠡᠭᠯᠡᠬᠦ ᠦᠶ᠎ᠡ ᠳᠤ ᠭᠤᠭᠤᠵᠢᠭᠤᠷ ᠢᠶᠠᠨ ᠠᠯᠢ ᠴᠢᠳᠠᠬᠤ ᠪᠠᠷ ᠪᠠᠭ᠎ᠠ ᠨᠡᠭᠡᠭᠡᠵᠦ᠂ ᠬᠡᠷᠡᠭᠯᠡᠵᠦ ᠪᠠᠷᠠᠪᠠᠯ ᠭᠠᠷ ᠤᠨ ᠠᠶ᠎ᠠ ᠪᠠᠷ ᠬᠠᠭᠠᠵᠤ᠂ ︽ᠣᠷᠳᠣ ᠤᠳᠠᠭᠠᠨ ᠤᠷᠤᠰᠬᠤ︾ ᠦᠵᠡᠭᠳᠡᠯ ᠭᠠᠷᠬᠤ ᠠᠴᠠ ᠵᠠᠶᠢᠯᠠᠰᠬᠢᠨ᠎ᠡ᠃ ᠨᠣᠭᠤᠭ᠎ᠠ ᠤᠬᠢᠶᠠᠬᠤ᠂ ᠬᠤᠪᠴᠠᠰᠤ ᠤᠬᠢᠶᠠᠬᠤ᠂ ᠭᠠᠵᠠᠷ ᠵᠦᠯᠭᠦᠬᠦ᠂ ᠵᠣᠷᠯᠣᠩ ᠤᠬᠢᠶᠠᠬᠤ ᠳᠤ ᠨᠢᠭᠡ ᠤᠳᠠᠭ᠎ᠠ ᠶᠢᠨ ᠤᠰᠤ ᠶᠢ ᠤᠯᠠᠨ ᠬᠡᠷᠡᠭᠯᠡᠬᠦ ᠶᠢ ᠡᠷᠬᠢᠮᠯᠡᠨ᠎ᠡ᠃      ᠬᠤᠶᠠᠷ᠂ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠤᠷᠢᠳᠠᠪᠠᠷ ᠬᠥᠳᠡᠯᠦᠯᠴᠡᠵᠦ᠂ ᠲᠤᠰᠬᠠᠢ ᠬᠥᠮᠥᠨ ᠲᠣᠬᠢᠷᠠᠭᠤᠯᠤᠨ ᠪᠠᠶᠢᠭᠤᠯᠭ᠎ᠠ ᠶᠢᠨ ᠳᠣᠲᠣᠭᠠᠳᠤ ᠶᠢᠨ ᠤᠰᠤ ᠠᠷᠪᠢᠯᠠᠵᠤ ᠤᠰᠤ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠤᠰᠤᠨ ᠭᠤᠭᠤᠵᠢᠭᠤᠷ᠂ ᠨᠡᠭᠡᠯᠡᠭᠡᠢ᠂ ᠤᠰᠤ ᠠᠷᠪᠢᠯᠠᠵᠤ ᠤᠰᠤ ᠰᠦᠷᠴᠢᠬᠦ ᠲᠣᠨᠣᠭᠯᠠᠯ ᠵᠡᠷᠭᠡ ᠤᠰᠤ ᠠᠷᠪᠢᠯᠠᠬᠤ ᠪᠠᠭᠠᠵᠢ ᠬᠡᠷᠡᠭᠰᠡᠯ ᠢ ᠬᠡᠷᠡᠭᠯᠡᠵᠤ᠂ ᠺᠠᠳ᠋ᠷ ᠠᠵᠢᠯᠲᠠᠨ ᠤᠰᠤ ᠶᠢ ᠠᠷᠪᠢᠯᠠᠵᠤ ᠬᠡᠷᠡᠭᠯᠡᠬᠦ ᠲᠣᠭᠲᠠᠭᠠᠯ ᠢ ᠢᠳᠡᠪᠬᠢᠲᠡᠢ ᠪᠠᠷ ᠲᠦᠷᠦᠭᠦᠯᠡᠨ ᠵᠢᠷᠤᠮᠯᠠᠬᠤ ᠬᠡᠷᠡᠭᠲᠡᠢ᠃      ᠭᠤᠷᠪᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠬᠡᠳᠦ ᠳᠡᠯᠭᠡᠭᠦᠷ ᠵᠡᠷᠭᠡ ᠶᠢ ᠪᠠᠭᠲᠠᠭᠠᠭᠰᠠᠨ ᠤᠰᠤ ᠬᠡᠷᠡᠭᠯᠡᠬᠦ ᠨᠢᠭᠡᠴᠢ ᠤᠳ ᠠᠷᠢᠭᠤᠨ ᠴᠡᠪᠡᠷ ᠤᠨ ᠲᠠᠰᠤᠯᠭ᠎ᠠ᠂ ᠭᠠᠷ ᠤᠬᠢᠶᠠᠬᠤ ᠭᠠᠵᠠᠷ ᠲᠤ ᠤᠰᠤ ᠠᠷᠪᠢᠯᠠᠵᠤ ᠬᠡᠷᠡᠭᠯᠡᠬᠦ ᠢᠯᠡᠳᠬᠡᠮᠵᠢ ᠲᠡᠮᠳᠡᠭ ᠨᠠᠭᠠᠵᠤ᠂ ᠤᠰᠤ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢᠨ ᠡᠳᠦᠷ ᠲᠤᠳᠤᠮ ᠤᠨ ᠰᠡᠯᠪᠢᠨ ᠵᠠᠰᠠᠬᠤ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠮᠡᠷᠭᠡᠵᠢᠯ ᠪᠠ ᠪᠠᠭᠠᠵᠢ ᠬᠡᠷᠡᠭᠰᠡᠯ ᠢ ᠢᠳᠡᠪᠬᠢᠲᠡᠢ ᠬᠡᠷᠡᠭᠯᠡᠨ ᠳᠡᠯᠭᠡᠷᠡᠭᠦᠯᠵᠦ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠳᠥᠷᠪᠡ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠰᠤ ᠠᠷᠪᠢᠯᠠᠬᠤ ᠳᠠᠪᠰᠢᠭᠰᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠢᠳᠡᠪᠬᠢᠲᠡᠢ ᠪᠠᠷ ᠬᠡᠷᠡᠭᠯᠡᠵᠦ᠂ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠬᠠᠶᠠᠭᠳᠠᠮᠠᠯ ᠤᠰᠤ᠂ ᠳᠠᠬᠢᠯᠳᠠ ᠤᠰᠤ᠂ ᠪᠣᠷᠣᠭᠠᠨ ᠤ ᠤᠰᠤ ᠵᠡᠷᠭᠡ ᠤᠰᠤᠨ ᠤ ᠡᠬᠢ ᠪᠠᠶᠠᠯᠢᠭ ᠢ ᠠᠰᠢᠭᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠴᠡᠴᠡᠷᠯᠢᠭ ᠨᠣᠭᠤᠭᠠᠷᠠᠭᠤᠯᠬᠤ᠂ ᠵᠣᠷᠯᠣᠩ ᠤᠬᠢᠶᠠᠬᠤ᠂ ᠵᠠᠮ ᠤᠬᠢᠶᠠᠬᠤ ᠵᠡᠷᠭᠡ ᠳᠤ ᠳᠠᠬᠢᠯᠳᠠ ᠤᠰᠤ ᠬᠡᠷᠡᠭᠯᠡᠬᠦ ᠶᠢ ᠰᠠᠨᠠᠭᠠᠴᠢᠯᠠᠨ᠎ᠠ᠃ ᠲᠡᠷᠭᠡ ᠤᠬᠢᠶᠠᠬᠤ᠂ ᠤᠬᠢᠶᠠᠯᠭ᠎ᠠ ᠶᠢᠨ ᠤᠰᠤ ᠬᠡᠷᠡᠭᠯᠡᠬᠦ ᠡᠷᠦᠬᠡ ᠤᠳ ᠤᠷᠴᠢᠯ ᠤᠰᠤ ᠬᠡᠷᠡᠭᠯᠡᠬᠦ ᠪᠡᠯᠡᠳᠬᠡᠮᠵᠢ ᠪᠤᠶᠤ ᠤᠰᠤ ᠠᠷᠪᠢᠯᠠᠬᠤ ᠪᠠᠭᠠᠵᠢ ᠬᠡᠷᠡᠭᠰᠡᠯ ᠢ ᠬᠡᠷᠡᠭᠯᠡᠵᠦ᠂ ᠡᠵᠡᠩᠨᠡᠯᠲᠡ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠪᠠᠭᠠᠰᠬᠠᠬᠤ ᠬᠡᠷᠡᠭᠲᠡᠢ᠃     ᠲᠠᠪᠤ᠂ ᠤᠰᠤ ᠬᠠᠩᠭᠠᠬᠤ ᠠᠵᠤ ᠠᠬᠤᠶᠢᠯᠠᠯ ᠤᠳ ᠤᠰᠤ ᠬᠠᠩᠭᠠᠬᠤ ᠬᠤᠭᠤᠯᠠᠢ ᠶᠢᠨ ᠲᠣᠣᠷ ᠤᠨ ᠯᠡᠪᠡᠷᠡᠯᠳᠡ ᠬᠤᠬᠢᠷᠠᠯ ᠢ ᠵᠠᠰᠠᠬᠤ᠂ ︽ᠨᠢᠭᠡ ᠡᠷᠦᠬᠡ ᠶᠢᠨ ᠨᠢᠭᠡ ᠬᠡᠮᠵᠢᠬᠦᠷ︾᠎ ᠶᠢ ᠥᠭᠡᠷᠡᠴᠢᠯᠡᠬᠦ᠂ ᠬᠤᠭᠤᠯᠠᠢ ᠶᠢᠨ ᠲᠣᠣᠷ ᠢ ᠣᠷᠣᠨ ᠬᠤᠪᠢᠶᠠᠨ ᠬᠡᠮᠵᠢᠬᠦ᠂ ᠣᠶᠤᠨᠴᠢᠯᠠᠨ ᠥᠭᠡᠷᠡᠴᠢᠯᠡᠬᠦ ᠵᠡᠷᠭᠡ ᠢᠨᠵᠧᠨᠧᠷᠢᠩ ᠢ ᠢᠳᠡᠪᠬᠢᠲᠡᠢ ᠪᠠᠷ ᠠᠬᠢᠭᠤᠯᠵᠤ᠂ ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠬᠤ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃      ᠵᠢᠷᠭᠤᠭ᠎ᠠ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠳᠡᠯᠡᠬᠡᠢ ᠶᠢᠨ ᠤᠰᠤᠨ ᠤ ᠡᠳᠦᠷ᠂ ᠳᠤᠮᠳᠠᠳᠤ ᠤᠯᠤᠰ ᠤᠨ ᠤᠰᠤᠨ ᠤ ᠭᠠᠷᠠᠭ᠂ ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠶᠢ ᠭᠦᠢᠴᠡᠳ ᠠᠰᠢᠭᠯᠠᠨ ᠬᠤᠲᠠ ᠶᠢᠨ ᠤᠰᠤ ᠠᠷᠪᠢᠯᠠᠬᠤ ᠤᠬᠠᠭᠤᠯᠭ᠎ᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠰᠤ ᠠᠷᠪᠢᠯᠠᠬᠤ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠥᠬᠦ ᠠᠷᠠᠳ ᠢᠶᠠᠷ ᠢᠶᠠᠨ ᠤᠰᠤ ᠶᠢ ᠬᠠᠶᠢᠷᠠᠯᠠᠬᠤ᠂ ᠤᠰᠤ ᠠᠷᠪᠢᠯᠠᠬᠤ ᠦᠵᠡᠯ ᠤᠬᠠᠮᠰᠠᠷ ᠢ ᠬᠦᠴᠦᠯᠡᠨ ᠴᠢᠩᠭᠠᠳᠬᠠᠬᠤ ᠬᠡᠷᠡᠭᠲᠡᠢ᠃ ᠳᠣᠯᠤᠭ᠎ᠠ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠨᠢᠭᠡᠴᠢ ᠶᠢ ᠰᠢᠯᠭᠠᠷᠠᠭᠤᠯᠬᠤ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠢ᠃      ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ ᠬᠡᠷᠡᠭᠲᠡᠢ᠂ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠰᠠᠶᠢᠲᠤᠷ ᠬᠢᠬᠦ ᠪᠣᠯ ᠠᠷᠠᠳ ᠢᠷᠭᠡᠨ ᠨᠢᠭᠡᠪᠦᠷᠢ ᠶᠢᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠠ ᠡᠭᠦᠷᠭᠡ ᠮᠥᠨ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤᠷᠠᠨ ᠬᠦᠴᠦᠯᠡᠵᠦ᠂ ᠪᠥᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠢᠳᠡ ᠭᠠᠷ ᠬᠤᠯᠪᠣᠯᠴᠠᠨ᠂ ᠤᠰᠤ ᠠᠷᠪᠢᠯᠠᠬᠤ ᠪᠣᠳᠠᠲᠤ ᠠᠵᠢᠯᠯᠠᠭ᠎ᠠ ᠳᠤ ᠢᠳᠡᠪᠬᠢᠲᠡᠢ ᠪᠠᠷ ᠣᠷᠣᠯᠴᠠᠵᠠᠭᠠᠶ᠎ᠠ᠃         ᠡᠭᠦᠨ ᠤ ᠲᠤᠯᠠ ᠣᠨᠴᠠᠭᠠᠶᠢᠯᠠᠨ ᠵᠠᠷᠯᠠᠪᠠ᠃                     2023 ᠣᠨ ᠤ 11 ᠰᠠᠷ᠎ᠠ ᠶᠢᠨ 28᠎ ᠤ ᠡᠳᠦᠷ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2