ᠴᠠᠩ ᠴᠢᠩ ᠵᠡᠭᠡᠯᠢ ᠭᠤᠳᠤᠮᠵᠢ ᠬᠤᠲᠠ ᠶᠢᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/4
      ᠤᠯᠠᠭᠠᠨᠴᠠᠪ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠴᠤᠤᠷᠢᠶᠠᠲᠤᠬᠤ ᠨᠣᠷᠮ᠎ᠠ᠂ ᠰᠢᠶᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ᠂ ᠬᠡᠷᠡᠭ ᠳᠠᠭᠤᠰᠬᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ 2023 ᠣᠨ ᠤ 12 ᠰᠠᠷ᠎ᠠ ᠶᠢᠨ 1᠎ ᠤ ᠦᠳᠡ ᠶᠢᠨ ᠬᠤᠶᠢᠨ᠎ᠠ᠂ ᠴᠠᠩ ᠴᠢᠩ ᠵᠡᠭᠡᠯᠢ ᠭᠤᠳᠤᠮᠵᠢ ᠶᠢᠨ ᠬᠢᠨ ᠬᠤᠳᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢᠨ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠴᠠᠩ ᠴᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠢᠨ ᠸᠧᠢ ᠵᠢᠶᠠ ᠡᠷᠬᠢᠯᠡᠵᠤ᠂ ᠬᠤᠷᠠᠯ ᠳᠤ ᠣᠷᠣᠯᠴᠠᠭᠰᠠᠳ ᠲᠤ ᠴᠠᠩ ᠴᠢᠩ ᠵᠡᠭᠡᠯᠢ ᠭᠤᠳᠤᠮᠵᠢ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠪᠠᠢ ᠿᠦ᠂ ᠡᠯ᠎ᠡ ᠨᠡᠶᠢᠭᠡᠮ ᠲᠣᠭᠤᠷᠢᠭ ᠤᠨ ᠱᠦᠵᠢ ᠵᠢᠴᠢ 12345 ᠬᠠᠯᠠᠮᠰᠢᠯ ᠤᠲᠠᠰᠤ ᠶᠢᠨ ᠠᠵᠢᠯ ᠤᠨ ᠬᠠᠷᠢᠭᠤᠴᠠᠯᠭᠠᠲᠠᠨ ᠪᠤᠢ᠃      ᠬᠤᠷᠠᠯ ᠳᠡᠭᠡᠷ᠎ᠡ᠂ ᠪᠠᠶ ᠿᠦ ᠣᠯᠠᠨ ᠢ ᠳᠠᠭᠠᠭᠤᠯᠤᠨ ︽ᠤᠯᠠᠭᠠᠨᠴᠠᠪ ᠬᠤᠲᠠ ᠶᠢᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯ ᠤᠨ ᠬᠡᠷᠡᠭᠵᠢᠭᠦᠯᠬᠦ ᠨᠠᠷᠢᠨ ᠲᠦᠷᠢᠮ︾ ︽ᠬᠤᠲᠠ ᠶᠢᠨ 12345 ᠬᠠᠯᠠᠭᠤᠨ ᠤᠲᠠᠰᠤᠨ ᠤ ᠰᠠᠨᠠᠭᠤᠯᠭ᠎ᠠ ᠶᠢᠨ ᠲᠥᠷᠥᠯ ᠤᠨ ᠠᠵᠢᠯ ᠤᠨ ᠬᠠᠭᠤᠳᠠᠰᠤ ᠶᠢ ᠲᠥᠷᠥᠯ ᠬᠤᠪᠢᠶᠠᠨ ᠬᠡᠷᠡᠭᠵᠢᠭᠦᠯᠬᠦ ᠪᠠᠷᠢᠮᠵᠢᠶ᠎ᠠ︾ ︽ᠵᠢᠨᠢᠩ ᠲᠣᠭᠤᠷᠢᠭ ᠤᠨ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 12345 ᠵᠠᠯᠭᠠᠨ ᠰᠢᠶᠳᠪᠦᠷᠢᠯᠡᠬᠦ ᠲᠦᠷᠢᠮ︾ ᠵᠡᠷᠭᠡ ᠠᠭᠤᠯᠭ᠎ᠠ ᠶᠢ ᠰᠤᠷᠤᠯᠴᠠᠵᠤ᠂ ᠳᠠᠷᠠᠭ᠎ᠠ ᠨᠢ ᠰᠢᠨ ᠸᠧᠶ ᠵᠢᠶᠠ ᠣᠯᠠᠨ ᠢ ᠳᠠᠭᠠᠭᠤᠯᠤᠨ ᠬᠦᠴᠢᠷ ᠲᠦᠪᠡᠭᠲᠡᠶ ᠠᠵᠢᠯ ᠤᠨ ᠬᠠᠭᠤᠳᠠᠰᠤ ᠶᠢ ᠭᠦᠶᠴᠡᠳᠬᠡᠬᠦ ᠰᠡᠳᠬᠢᠴᠡ ᠪᠠ ᠰᠢᠶᠳᠪᠦᠷᠢᠯᠡᠬᠦ ᠠᠷᠭ᠎ᠠ ᠶᠢ ᠶᠠᠷᠢᠯᠴᠠᠪᠠ᠃     ᠰᠢᠨ ᠸᠧᠶ ᠵᠢᠶᠠ ᠴᠢᠬᠤᠯᠠᠴᠢᠯᠠᠭᠰᠠᠨ ᠨᠢ᠂ ᠡᠯ᠎ᠡ ᠨᠡᠶᠢᠭᠡᠮ ᠲᠣᠭᠤᠷᠢᠭ ᠤᠨ ᠬᠢᠨ ᠠᠵᠢᠯ ᠤᠨ ᠬᠠᠭᠤᠳᠠᠰᠤ ᠭᠦᠶᠴᠡᠳᠬᠡᠬᠦ ᠳᠡᠭᠡᠨ ᠲᠤᠰᠬᠠᠭᠰᠠᠨ ᠬᠥᠮᠦᠨ ᠲᠠᠢ ᠴᠠᠭ ᠲᠤᠬᠠᠶ ᠳᠤᠨᠢ ᠬᠠᠷᠢᠯᠴᠠᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠡᠷᠡᠭ ᠶᠠᠪᠤᠳᠠᠯ ᠤᠨ ᠪᠠᠶᠢᠳᠠᠯ ᠪᠠ ᠣᠯᠠᠨ ᠲᠦᠮᠡᠨ ᠤ ᠬᠦᠴᠢᠷᠳᠡᠯ ᠢ ᠨᠠᠩ ᠲᠦᠷᠭᠡᠨ ᠪᠥᠭᠡᠳ ᠣᠨᠣᠪᠴᠢᠲᠠᠶ ᠣᠶᠢᠯᠠᠭᠠᠵᠤ᠂ ᠠᠵᠢᠯ ᠤᠨ ᠬᠠᠭᠤᠳᠠᠰᠤ ᠭᠦᠶᠴᠡᠳᠬᠡᠬᠦ ᠳᠤ ᠬᠠᠷᠰᠢ ᠰᠠᠭᠠᠳ ᠤᠴᠠᠷᠠᠪᠠᠯ᠂ ᠴᠠᠭ ᠲᠤᠬᠠᠶ ᠳᠤᠨᠢ ᠵᠡᠭᠡᠯᠢ ᠭᠤᠳᠤᠮᠵᠢ ᠲᠠᠢ ᠨᠡᠪᠲᠡᠷᠡᠯᠴᠡᠵᠦ᠂ ᠰᠢᠶᠳᠪᠦᠷᠢᠯᠡᠬᠦ ᠰᠡᠳᠬᠢᠮᠵᠢ ᠪᠠᠨ ᠬᠠᠮᠲᠤ ᠪᠠᠷ ᠶᠠᠷᠢᠯᠴᠠᠨ᠂ ᠰᠢᠶᠳᠪᠦᠷᠢᠯᠡᠬᠦ ᠠᠷᠭ᠎ᠠ ᠪᠠᠨ ᠬᠠᠮᠲᠤ ᠪᠠᠷ ᠵᠥᠪᠳᠡᠯᠴᠡᠵᠦ᠂ ᠣᠯᠠᠨ ᠲᠦᠮᠡᠨ ᠎ ᠤ ᠠᠰᠠᠭᠤᠳᠠᠯ ᠢ ᠰᠢᠶᠳᠪᠦᠷᠢᠯᠡᠵᠦ᠂  ᠨᠡᠩ ᠰᠠᠶᠢᠨ ᠦᠶᠯᠡᠴᠢᠯᠡᠭᠡ ᠬᠠᠩᠭᠠᠬᠤ ᠬᠡᠷᠡᠭᠲᠡᠶ  ᠭᠡᠪᠡ᠃                                    ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2