ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠰᠠᠯᠬᠢᠨ ᠤ ᠡᠵᠡᠮᠳᠡᠯ ᠤᠨ ᠲᠠᠪᠴᠠᠩ︾᠎ ᠤᠨ ᠥᠪᠡᠷ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2023/12/4
      ︽ᠥᠪᠥᠷ ᠮᠣᠩᠭᠤᠯ ᠤᠨ ᠰᠠᠯᠬᠢᠨ ᠤ ᠡᠵᠡᠮᠳᠡᠯ ᠤᠨ ᠲᠠᠪᠴᠠᠩ︾᠎ ᠢ ᠥᠷᠭᠡᠨ ᠢᠶᠠᠷ ᠬᠡᠷᠡᠭᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠢᠳᠡᠭᠡᠨ ᠡᠵᠡᠩᠨᠡᠬᠦ ᠡᠷᠦᠬᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 1᠎ ᠤ ᠡᠳᠦᠷ᠂ ᠡᠯ᠎ᠡ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠬᠢᠨ ᠬᠠᠷᠢᠶᠠᠲᠤ ᠣᠷᠣᠨ ᠤ ᠬᠤᠳᠠᠯᠳᠤᠭᠠᠴᠢᠨ ᠤ ︽ᠥᠪᠥᠷ ᠮᠣᠩᠭᠤᠯ ᠤᠨ ᠰᠠᠯᠬᠢᠨ ᠤ ᠡᠵᠡᠮᠳᠡᠯ ᠤᠨ ᠲᠠᠪᠴᠠᠩ︾ ︵︽  ᠴᠠ ᠠᠨ ᠺᠠᠩ︾︶᠎ ᠢ ᠬᠡᠷᠡᠭᠯᠡᠨ ᠪᠠᠶᠢᠴᠠᠭᠠᠯᠲᠠ ᠥᠷᠨᠢᠭᠦᠯᠬᠦ ᠶᠢ ᠢᠳᠡᠪᠬᠢᠲᠡᠶ ᠪᠠᠷ ᠰᠢᠪᠠᠳᠠᠪᠠ᠃      ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠲᠤᠬᠠᠶ ᠶᠢᠨ ᠲᠠᠯᠠᠪᠤᠷ ᠲᠤ ᠬᠦᠷᠴᠦ᠂ ᠬᠤᠳᠠᠯᠳᠤᠭᠠᠨ ᠤ ᠡᠷᠦᠬᠡ ᠶᠢ ᠨᠢᠭᠤᠷᠲᠠᠨ ᠵᠢᠯᠣᠭᠤᠳᠴᠤ᠂ ᠬᠤᠳᠠᠯᠳᠤᠭᠠᠨ ᠤ ᠡᠷᠦᠬᠡ ᠶᠢ ᠬᠠᠪᠰᠤᠷᠤᠨ ︽ᠴᠠ ᠠᠨ ᠺᠠᠩ︾ APP ᠤᠭᠰᠠᠷᠠᠭᠤᠯᠵᠤ᠂ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ᠂ ᠬᠤᠳᠠᠯᠳᠤᠭᠠᠨ ᠤ ᠡᠷᠦᠬᠡ ᠶᠢᠨ ᠣᠷᠣᠭᠤᠯᠤᠭᠰᠠᠨ ᠮᠡᠳᠡᠭᠡ ᠵᠠᠩᠭᠢ ᠶᠢᠨ ᠪᠦᠷᠢᠨ ᠪᠦᠲᠦᠨ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠬᠤᠳᠠᠯᠳᠤᠭᠠᠨ ᠤ ᠡᠷᠦᠬᠡ ᠶᠢ ᠰᠢᠪᠠᠳᠠᠵᠤ ᠪᠠᠶᠢᠭᠠᠳ ᠲᠣᠰ ᠪᠡᠶ᠎ᠡ ᠶᠢᠨ ᠠᠶᠤᠯ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ᠂ ᠴᠠᠭ ᠲᠤᠬᠠᠶ ᠳᠤᠨᠢ ᠲᠤᠭ᠎ᠠ ᠪᠠᠷᠢᠮᠲᠠ ᠶᠢ ᠰᠡᠭᠦᠳᠡᠷᠯᠡᠨ ᠳᠡᠭᠡᠭᠰᠢ ᠳᠠᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢ ᠪᠡᠶᠡᠯᠡᠭᠦᠯᠦᠨ᠎ᠡ᠃     ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠠᠯᠬᠢᠨ ᠤ ᠡᠵᠡᠮᠳᠡᠯ ᠤᠨ ᠲᠠᠪᠴᠠᠩ︾᠎ ᠢ ᠦᠷᠭᠦᠯᠵᠢᠯᠡᠨ ᠰᠠᠶᠢᠲᠤᠷ ᠬᠡᠷᠡᠭᠯᠡᠵᠦ᠂ ᠬᠤᠳᠠᠯᠳᠤᠭᠠᠨ ᠤ ᠡᠷᠦᠬᠡ ᠶᠢ ᠰᠢᠪᠠᠳᠠᠨ ᠲᠣᠭᠲᠠᠭᠠᠯ ᠶᠣᠰᠣᠭᠠᠷ ᠥᠪᠡᠷ ᠤᠨ ᠪᠠᠶᠢᠴᠠᠭᠠᠯᠲᠠ ᠶᠢᠨ ᠠᠵᠢᠯ ᠢ ᠤᠳᠠᠭ᠎ᠠ ᠳᠠᠷᠠᠭ᠎ᠠ ᠪᠠᠷ ᠰᠠᠶᠢᠲᠤᠷ ᠬᠢᠯᠭᠡᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠬᠢᠨᠠᠮᠠᠭᠠᠶ ᠡᠮᠬᠢᠯᠡᠨ ᠳᠢᠭᠯᠡᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃                                                 ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2