ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾᠎ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠶᠯᠡᠳᠦᠯ ᠴᠢᠳᠠᠪᠤᠷᠢ ᠶᠢ ᠪᠥᠬᠦ  ᠲᠠᠯ᠎ᠠ ᠪᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/12/4
      ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ‍ ᠨᠢᠭᠡ ᠵᠦᠶᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠷᠭ᠎ᠠ ᠬᠡᠮᠵᠢᠶ᠎ᠡ ᠮᠥᠨ᠂ ᠡᠨᠡ ᠨᠢ ᠵᠠᠰᠠᠭ ᠤᠨ ᠣᠷᠳᠣᠨ ᠤ ᠳᠣᠲᠣᠭᠠᠳᠤ ᠶᠢᠨ ᠥᠪᠡᠰᠦᠪᠡᠨ ᠦᠨᠡᠯᠡᠬᠦ ᠬᠠᠯᠬᠠᠪᠴᠢ ᠶᠢ ᠡᠪᠳᠡᠵᠦ᠂ ᠦᠭᠡ ᠬᠡᠯᠡᠬᠦ ᠡᠷᠬᠡ᠂ ᠦᠨᠡᠯᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠠᠵᠤ ᠠᠬᠤᠶᠢᠯᠠᠯ ᠤᠨ ᠣᠯᠠᠨ ᠲᠦᠮᠡᠨ ᠳᠤ ᠲᠤᠰᠢᠶᠠᠨ ᠥᠭᠴᠡᠶ᠃ ︽ᠰᠠᠶᠢᠨ ᠮᠠᠭᠤ ᠶᠢᠨ ᠦᠨᠡᠯᠡᠯᠲᠡ︾᠎ ᠶᠢ ᠬᠡᠷᠡᠭᠵᠢᠭᠦᠯᠬᠦ ᠪᠠᠷ ᠳᠠᠮᠵᠢᠭᠤᠯᠤᠨ ᠵᠠᠰᠠᠭ ᠤᠨ ᠣᠷᠳᠣᠨ ᠤ ᠦᠶᠯᠡᠴᠢᠯᠡᠭᠡᠨ ᠤ ᠠᠷᠭ᠎ᠠ ᠮᠠᠶ᠋ᠢᠭ ᠪᠠ ᠬᠠᠩᠭᠠᠯᠭ᠎ᠠ ᠶᠢ ᠲᠠᠰᠤᠷᠠᠯᠲᠠ ᠥᠬᠡᠶ ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠠᠰᠤ ᠴᠢᠨᠠᠷ ᠪᠠ ᠦᠶᠯᠡᠳᠦᠯ ᠴᠢᠳᠠᠪᠤᠷᠢ ᠶᠢ ᠳᠡᠭᠡᠭᠰᠢᠯᠡᠭᠦᠯᠵᠦ ᠴᠢᠳᠠᠨ᠎ᠠ᠃ ᠠᠷᠠᠳ ᠤᠯᠠᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠯᠡᠯᠲᠡ ᠳᠤ ᠭᠦᠢᠴᠡᠳ ᠣᠷᠣᠯᠴᠠᠭᠤᠯᠬᠤ ᠪᠣᠯ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠢᠯᠡᠳᠦᠯᠭᠡ ᠶᠢᠨ ᠳᠠᠪᠬᠤᠷᠭ᠎ᠠ ᠳᠠᠬᠢ ᠪᠦᠲᠦᠮᠵᠢᠲᠡᠢ ᠠᠷᠭ᠎ᠠ ᠵᠠᠮ ᠪᠣᠯᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠤᠢ ᠪᠠᠶᠢᠳᠠᠯ ᠳᠣᠣᠷᠠᠬᠢ ᠬᠥᠭᠵᠢᠯᠲᠡ ᠶᠢᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠮᠥᠨ ᠴᠢᠨᠠᠷ ᠤᠨ ᠱᠠᠭᠠᠷᠳᠠᠯᠭ᠎ᠠ ᠪᠣᠯᠤᠨ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠲᠦᠷᠢᠮ ᠤᠨ ᠰᠢᠰᠲ᠋ᠧᠮ ᠢ ᠪᠦᠷᠢᠨᠰᠢᠬᠦᠯᠬᠦ ᠰᠡᠳᠦᠪ ᠤᠨ ᠳᠣᠲᠣᠷᠠᠬᠢ ᠠᠭᠤᠯᠭ᠎ᠠ ᠪᠣᠯᠤᠨ᠎ᠠ᠃      ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠬᠤᠯᠪᠣᠭᠳᠠᠯ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ ᠶᠢ ︽ᠵᠠᠰᠠᠭ ᠤᠨ ᠣᠷᠳᠣᠨ ᠦᠶᠯᠡᠳᠬᠦ︾ ᠪᠠᠶᠢᠭᠰᠠᠨ ᠠᠴᠠ ︽ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ︾ ᠪᠣᠯᠭᠠᠨ ᠬᠤᠪᠢᠷᠠᠭᠤᠯᠬᠤ ᠶᠢ ᠳᠥᠯᠭᠢᠨ ᠠᠬᠢᠭᠤᠯᠵᠤ᠂ ᠲᠦᠷᠢᠮ ᠤᠨ ᠬᠡᠯᠪᠡᠷᠢ ᠪᠠᠷ ᠠᠷᠠᠳ ᠣᠯᠠᠨ ᠤ ᠨᠠᠩ ᠣᠯᠠᠨ ᠬᠦᠷᠲᠡᠮᠵᠢ ᠶᠢᠨ ᠲᠥᠷᠥᠭᠳᠡᠯ ᠲᠠᠢ ᠪᠠᠶᠢᠬᠤ ᠶᠢ ᠪᠠᠲᠤᠯᠠᠪᠠ᠃ ᠵᠢᠨᠢᠩ ᠲᠣᠭᠤᠷᠢᠭ ᠪᠡᠶ᠎ᠡ ᠪᠠᠨ ᠳᠠᠭᠠᠭᠠᠵᠤ ︽ᠰᠠᠶᠢᠨ ᠮᠠᠭᠤ ᠶᠢ ᠦᠨᠡᠯᠡᠬᠦ︾ ᠦᠨᠡᠯᠡᠬᠦ ᠰᠢᠰᠲ᠋ᠧᠮ ᠢ ᠰᠤᠳᠤᠯᠤᠨ ᠨᠡᠭᠡᠭᠡᠬᠦ ᠶᠢᠨ ᠬᠠᠮᠲᠤ ᠬᠢᠨᠠᠨ ᠵᠥᠪᠰᠢᠶᠡᠷᠡᠬᠦ ᠵᠦᠶᠯᠡᠰ ᠤᠨ ᠬᠢᠨᠠᠨ ᠵᠥᠪᠰᠢᠶᠡᠷᠡᠬᠦ ᠭᠤᠭᠴᠤᠭ᠎ᠠ ᠨᠢᠭᠡᠪᠦᠷᠢ ᠳᠤ ᠰᠢᠭᠢᠳᠬᠡᠨ ᠣᠷᠣᠭᠤᠯᠵᠤ᠂ ︽ᠦᠨᠡᠯᠡᠬᠦ ᠶᠣᠰᠣᠲᠠᠶ ᠶᠢ ᠨᠢ ᠴᠥᠮ ᠦᠨᠡᠯᠡᠬᠦ︾᠎ ᠶᠢ ᠪᠡᠶᠡᠯᠡᠭᠦᠯᠪᠡ᠃ ᠣᠳᠣᠬᠠᠨ ᠳᠤ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠨᠢᠭᠡᠨᠲᠡ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠦᠨᠡᠯᠡᠯᠲᠡ ᠶᠢᠨ ᠲᠥᠬᠦᠭᠡᠷᠦᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠳᠤ ᠵᠠᠯᠭᠠᠵᠤ ᠣᠷᠣᠭᠤᠯᠤᠭᠰᠠᠨ ᠬᠡᠷᠡᠭ ᠡᠷᠭᠢᠯᠡᠬᠦ ᠲᠢᠩᠬᠢᠮ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ︵ᠥᠷᠲᠡᠭᠡ︶᠎ ᠨᠢ ᠴᠠᠭᠠᠰᠤ ᠪᠠᠷ ᠦᠨᠡᠯᠡᠬᠦ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠠᠵᠢᠯ ᠢ ᠥᠷᠨᠢᠭᠦᠯᠬᠦ ᠶᠢ ᠲᠦᠷ ᠪᠦᠷᠢᠯᠳᠦᠭᠦᠯᠦᠭᠡᠳᠦᠶ ᠪᠠᠶᠢᠨ᠎ᠠ᠃ ᠣᠲᠣ ᠪᠣᠯᠲᠠᠯ᠎ᠠ᠂ ᠵᠢᠨᠢᠩ ᠲᠣᠭᠤᠷᠢᠭ ᠲᠤ ᠨᠡᠶᠢᠲᠡ 142456 ᠵᠣᠷᠪᠣᠰ ᠦᠨᠡᠯᠡᠯᠲᠡ ᠪᠣᠶ ᠪᠣᠯᠵᠠᠶ᠂ ᠡᠭᠦᠨ ᠳᠤ ᠮᠠᠰᠢ ᠬᠠᠨᠤᠮᠵᠢᠲᠠᠶ 142310 ᠵᠣᠷᠪᠣᠰ᠂ ᠬᠠᠨᠤᠮᠵᠢᠲᠠᠶ 142 ᠵᠣᠷᠪᠣᠰ᠂ ᠦᠨᠳᠦᠰᠦᠨ ᠳᠡᠭᠡᠨ ᠬᠠᠨᠤᠮᠵᠢᠲᠠᠶ 2  ᠵᠣᠷᠪᠣᠰ᠂   ᠬᠠᠨᠤᠮᠵᠢ ᠥᠬᠡᠶ 0 ᠵᠣᠷᠪᠣᠰ᠂ ᠮᠠᠰᠢ ᠬᠠᠨᠤᠮᠵᠢ ᠥᠬᠡᠶ 2 ᠵᠣᠷᠪᠣᠰ ᠪᠠᠶᠢᠵᠤ᠂ ᠰᠠᠶᠢᠨ ᠦᠨᠡᠯᠡᠯᠲᠡ ᠶᠢᠨ ᠨᠣᠷᠮ᠎ᠠ 99.99%᠎ ᠳᠤ ᠬᠦᠷᠴᠡᠶ᠃      ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠰᠠᠶᠢᠨ ᠮᠠᠭᠤ ᠶᠢᠨ ᠦᠨᠡᠯᠡᠯᠲᠡ︾᠎ ᠶᠢᠨ ᠳᠦᠷᠢᠮ ᠤᠨ ᠰᠢᠰᠲ᠋ᠧᠮ ᠢ ᠲᠠᠰᠤᠷᠠᠯᠲᠠ ᠦᠭᠡᠶ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠦᠨᠡᠯᠡᠬᠦ᠂ ᠴᠡᠭᠴᠡᠯᠡᠨ ᠰᠠᠶᠢᠵᠢᠷᠠᠭᠤᠯᠬᠤ᠂ ᠬᠠᠷᠢᠭᠤ ᠲᠤᠰᠬᠠᠬᠤ᠂ ᠬᠢᠨᠠᠯᠲᠠ ᠲᠠᠯᠪᠢᠬᠤ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠦᠨᠡᠯᠡᠯᠲᠡ ᠶᠢᠨ ᠲᠣᠭᠲᠠᠴᠠ ᠪᠠᠷ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠭᠡᠳᠡᠷᠬᠦ ᠰᠢᠬᠠᠮᠳᠠᠭᠤᠯᠵᠤ ᠪᠠᠶᠢᠭᠠᠳ ᠬᠢᠨᠠᠨ ᠵᠥᠪᠰᠢᠶᠡᠷᠡᠬᠦ ᠭᠤᠭᠴᠤᠭ᠎ᠠ ᠶᠢ ᠪᠦᠬᠦ ᠲᠠᠯ᠎ᠠ ᠪᠠᠷ ᠴᠣᠮᠬᠠᠳᠬᠠᠵᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠠᠭᠠᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠵᠠᠰᠠᠭ ᠤᠨ ᠣᠷᠳᠣᠨ ᠥᠪᠡᠷ ᠢᠶᠠᠨ ᠦᠨᠡᠯᠡᠬᠦ︾᠎ ᠠᠴᠠ ︽ᠤᠯᠠᠨ ᠢᠶᠠᠷ ᠢᠶᠠᠨ ᠦᠨᠡᠯᠡᠬᠦ︾᠎ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ︽ᠥᠪᠡᠷ ᠢᠶᠠᠨ ᠭᠤᠴᠣᠯᠠᠵᠤ ᠳᠠᠭᠤᠯᠠᠬᠤ︾ ᠪᠠᠶᠢᠭᠰᠠᠨ ᠢ ︽ᠬᠠᠮᠲᠤ ᠪᠠᠷ ᠬᠥᠭᠵᠢᠮᠳᠡᠬᠦ ᠨᠠᠶᠢᠷᠠᠯ ᠳᠠᠭᠤᠤ︾ ᠪᠣᠯᠭᠠᠵᠤ᠂ ᠠᠵᠤ ᠠᠬᠤᠶᠢᠯᠠᠯ ᠤᠨ ᠤᠯᠠᠨ ᠲᠦᠮᠡᠨ ᠤ ᠲᠠᠨᠢᠨ ᠮᠡᠳᠡᠷᠡᠬᠦ᠂ ᠪᠡᠶᠡᠴᠢᠯᠡᠨ ᠣᠶᠢᠯᠠᠭᠠᠬᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ  ᠳᠡᠭᠡᠭᠰᠢᠯᠡᠭᠦᠯᠦᠨ᠎ᠡ᠃                            ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2