| | | | | | 12 ᠳ᠋ᠤᠭᠠᠷ ᠰᠠᠷ᠎ᠠ ᠶᠢᠨ 6 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ 2023 ᠣᠨ ᠤ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ 2023 ᠣᠨ ᠤ ᠪᠥᠬᠦ ᠲᠤᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠳᠤ | ᠳᠠᠬᠢᠨ ᠲᠣᠬᠢᠷᠠᠭᠤᠯᠤᠯᠲᠠ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠳᠣᠤᠷᠠᠳᠤ ᠱᠠᠲᠤ ᠲᠠᠢ ᠨᠢᠭᠲᠠ ᠵᠣᠯᠭᠠᠭᠤᠯᠬᠤ ᠶᠢ ᠴᠢᠩᠭᠠᠳᠬᠠᠵᠤ᠂ | ᠠᠵᠢᠯ ᠤᠨ ᠭᠤᠤᠯᠳᠠᠯᠭ᠎ᠠ ᠪᠠᠨ ᠪᠦᠬᠦᠨ ᠢ ᠰᠢᠯᠭᠠᠨ ᠬᠢᠨᠠᠬᠤ ᠭᠤᠤᠯᠳᠠᠯᠭ᠎ᠠ ᠪᠠ ᠱᠠᠭᠠᠷᠳᠠᠯᠭ᠎ᠠ ᠳᠡᠭᠡᠷ᠎ᠡ ᠰᠢᠯᠵᠢᠭᠦᠯᠵᠦ᠂ | ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠡᠯ᠎ᠡ ᠵᠦᠶᠯ ᠤᠨ ᠡᠭᠦᠷᠭᠡ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠶᠢᠴᠠᠭᠠᠬᠤ ᠴᠡᠭ ᠢ ᠰᠠᠶᠢᠲᠤᠷ | ᠲᠣᠭᠲᠠᠭᠠᠵᠤ᠂ ᠪᠠᠶᠢᠴᠠᠭᠠᠬᠤ ᠵᠠᠮ ᠱᠤᠭᠤᠮ ᠢ ᠰᠠᠶᠢᠲᠤᠷ ᠳᠣᠭᠢᠷᠠᠭᠤᠯᠤᠨ᠂ ᠵᠠᠮ ᠳᠠᠭᠠᠤ ᠶᠢᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠠᠵᠢᠯ ᠢ ᠰᠠᠶᠢᠲᠤᠷ ᠬᠢᠬᠦ ᠶᠢᠨ | ᠬᠠᠮᠲᠤ ᠬᠢᠨᠠᠨ ᠰᠢᠯᠭᠠᠵᠤ ᠪᠠᠶᠢᠴᠠᠭᠠᠬᠤ ᠱᠠᠭᠠᠷᠳᠠᠯᠭ᠎ᠠ ᠲᠠᠢ ᠬᠠᠷᠢᠴᠠᠭᠤᠯᠤᠨ᠂ ᠮᠠᠲ᠋ᠧᠷᠢᠶᠠᠯ ᠤᠨ ᠡᠬᠡ ᠲᠠᠩᠰᠠ ᠶᠢ | ᠡᠮᠬᠢᠯᠡᠨ ᠪᠡᠯᠡᠳᠬᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ᠃ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠠᠶᠢᠨ | ᠰᠦᠪᠡᠭᠴᠢᠯᠡᠯᠳᠡ ᠬᠢᠵᠦ ᠰᠢᠨ᠎ᠡ ᠶᠢ ᠡᠭᠦᠳᠬᠦ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠬᠤᠳᠠ ᠶᠢᠨ | ᠬᠠᠮᠢᠶᠠᠷᠤᠯᠲᠠ ᠶᠢ ᠨᠠᠷᠢᠯᠢᠬᠵᠢᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ | ᠶᠠᠩ ᠶᠦᠩ᠂ ᠯᠢ ᠺᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | |