ᠵᠠᠩ ᠶᠦᠩ ᠸᠧᠨ ᠭᠤᠣᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠲᠤ ᠭᠦᠨᠵᠡᠭᠡᠶᠢᠷᠡᠵᠦ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2023/12/7
705470.jpg
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 6᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠶᠦᠩ ᠸᠧᠨ ᠬᠠᠷᠢᠯᠴᠠᠬᠤ ᠴᠡᠭ ᠎ ᠲᠤ ᠭᠦᠨᠵᠡᠭᠡᠶᠢᠷᠡᠵᠦ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠤᠬ ᠰᠠᠨᠠᠭ᠎ᠠ ᠪᠠᠨ ᠦᠯᠦ ᠮᠠᠷᠲᠠᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠭᠤᠶᠢᠪᠢᠰᠢ ᠦᠭᠡᠢ ᠰᠣᠨᠣᠰᠴᠤ᠂  ᠭᠤᠶᠢᠪᠢᠰᠢ ᠦᠭᠡᠢ ᠨᠠᠮ ᠢᠶᠠᠨ  ᠳᠠᠭᠠᠬᠤ ᠬᠡᠷᠡᠭᠲᠡᠢ ᠭᠡᠵᠡᠢ᠃      ᠵᠠᠩ ᠶᠦᠩ  ᠸᠧᠨ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂  ︽ᠲᠠᠪᠤᠨ  ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠤᠶᠢᠯᠠᠭᠠᠨ ᠡᠵᠡᠮᠰᠢᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠶ ᠣᠶᠢᠯᠠᠭᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾᠎ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠪᠠ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠎ ᠶᠢ ᠦᠶᠯᠡᠳᠦᠯᠭᠡᠵᠢᠭᠦᠯᠦᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠡᠯ᠎ᠡ ᠵᠦᠶᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ  ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠪᠠ᠃    ᠵᠠᠩ ᠶᠦᠩ ᠸᠧᠨ  ᠵᠢᠭᠠᠭᠰᠠᠨ ᠨᠢ ᠂ ᠪᠦᠬᠦ  ᠲᠤᠭᠤᠷᠢᠭ ᠤᠨ ᠺᠠᠳ᠋ᠷ ᠤᠯᠠᠨ ᠲᠦᠮᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠲᠠᠪᠤᠨ ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ᠰᠠᠶᠢᠨ ᠰᠠᠨᠠᠭ᠎ᠠ ᠪᠠᠷ ᠨᠠᠮ ᠳᠠᠭᠠᠨ ᠬᠠᠨᠳᠤᠬᠤ᠂  ᠦᠨᠠᠨᠴᠢ ᠰᠡᠳᠬᠢᠯ ᠢᠶᠠᠷ  ᠨᠠᠮ ᠤᠨ ᠲᠥᠪ  ᠬᠤᠷᠢᠶ᠎ᠠ ᠳᠠᠭᠠᠨ ᠬᠠᠨᠳᠤᠬᠤ ᠬᠤᠪᠢᠰᠬᠠᠯᠲᠤ ᠭᠧᠨ ᠢ ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃ ᠦᠨᠡᠨᠴᠢ ᠰᠢᠳᠤᠷᠭᠤ ᠪᠠᠷ ᠬᠠᠮᠠᠭᠠᠯᠠᠬᠤ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠬᠠᠶᠢᠷ᠎ᠠ ᠰᠡᠳᠬᠢᠯᠭᠡ ᠶᠢᠨ ᠰᠠᠭᠤᠷᠢ ᠪᠠ ᠬᠦᠴᠦᠨ ᠴᠢᠳᠠᠯ ᠤᠨ ᠡᠬᠢ ᠰᠤᠷᠪᠤᠯᠵᠢ ᠶᠢ ᠭᠦᠨᠵᠡᠭᠡᠢ ᠪᠤᠢ ᠪᠣᠯᠭᠠᠵᠤ᠂ ᠶᠡᠷᠦᠩᠬᠡᠢ ᠱᠦᠵᠢ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾᠎ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠣᠨᠣᠪᠴᠢᠲᠠᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠎ ᠤᠨ ᠬᠦᠰᠡᠯ ᠨᠠᠶᠢᠳᠠᠯᠭ᠎ᠠ ᠶᠢ ᠦᠨᠡᠨᠬᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ‌‍ᠪᠦ᠋ᠲᠦᠮᠵᠢ ᠪᠠᠷ ᠵᠢᠨᠢᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ ᠃      ᠵᠠᠩ ᠶᠦᠩ ᠸᠧᠨ ᠴᠢᠬᠤᠯᠠᠴᠢᠯᠠᠭᠰᠠᠨ ᠨᠢ ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠎ ᠶᠢ ᠰᠤᠷᠤᠯᠴᠠᠨ ᠳᠡᠯᠭᠡᠷᠡᠭᠦᠯᠬᠦ ᠶᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠴᠠ ᠪᠣᠯᠭᠠᠵᠤ᠂ ︽ᠨᠠᠮ ᠤᠨ ᠠᠴᠢ ᠶᠢ  ᠮᠡᠳᠡᠷᠡᠵᠦ᠂ ᠨᠠᠮ ᠤᠨ ᠦᠭᠡ ᠶᠢ  ᠰᠤᠨᠤᠰᠴᠤ ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠪᠣᠳᠠᠲᠠᠶ ᠠᠵᠢᠯ ᠬᠢᠬᠦ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠬᠦᠴᠢᠷᠲᠡᠶ ᠶᠠᠪᠤᠳᠠᠯ᠂ ᠣᠯᠠᠨ ᠲᠦᠮᠡᠨ ᠤ ᠪᠤᠬᠢᠨᠢᠳᠤᠯ ᠲᠠᠢ ᠶᠠᠪᠤᠳᠠᠯ ᠢ ᠦᠨᠡᠨ ᠬᠦ ᠰᠢᠶᠳᠪᠦᠷᠢᠯᠡᠵᠦ᠂ ︽ᠳᠦᠷᠪᠡ ᠎ ᠶᠢ ᠦᠨᠳᠦᠰᠦᠨ ᠱᠠᠲᠤᠨ ᠳᠤ ᠪᠠᠭᠤᠯᠭᠠᠬᠤ︾᠎ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ  ᠪᠣᠳᠠᠲᠠᠶᠢᠵᠢᠭᠤᠯᠬᠤ ᠬᠡᠷᠡᠭᠲᠡᠶ᠃      ᠵᠠᠩ ᠶᠦᠩ ᠸᠧᠨ ᠱᠠᠭᠠᠷᠳᠠᠭᠰᠠᠨ ᠨᠢ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠬᠥᠭᠵᠢᠯᠲᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠳᠠᠯᠳᠠ ᠴᠢᠳᠠᠪᠤᠷᠢ ᠪᠠᠨ ᠭᠦᠢᠴᠡᠳ ᠠᠭᠤᠳᠠᠯᠵᠤ᠂ ᠬᠤᠶᠠᠷ ᠶᠡᠭᠡ ᠶᠠᠪᠤᠳᠠᠯ ᠤᠨ ᠠᠮᠵᠢᠯᠲᠠ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠵᠢᠷᠭᠤᠭᠠᠨ ᠵᠦᠢᠯ ᠤᠨ ᠠᠴᠢᠶᠠᠯᠠᠪᠤᠷᠢ︾᠎ ᠶᠢ ᠰᠠᠶᠢᠲᠤᠷ ᠬᠡᠷᠡᠭᠯᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠦᠨᠡᠨ ᠰᠡᠳᠬᠢᠯ ᠠᠴᠠ ᠪᠠᠨ ᠨᠠᠮ ᠳᠠᠭᠠᠨ ᠲᠠᠯᠠᠷᠬᠠᠵᠤ᠂ ᠨᠠᠮ ᠤᠨ ᠲᠥᠪ ᠬᠤᠷᠢᠶ᠎ᠠ ᠳᠤ ᠲᠠᠯᠠᠷᠬᠠᠵᠤ᠂ ᠶᠡᠷᠦᠩᠬᠡᠶ ᠱᠦᠵᠢ ᠰᠢ ᠶᠢᠨ ᠫᠢᠩ ᠳᠤ ᠲᠠᠯᠠᠷᠬᠠᠬᠤ ᠪᠣᠯᠭᠠᠬᠤ ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ︽ᠮᠢᠩᠭᠠᠨ ᠲᠦᠮᠡᠨ ᠢᠨᠵᠧᠨᠧᠷᠢᠩ︾᠎ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠲᠤᠯᠢᠳᠠᠵᠤ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾᠎ ᠶᠢ  ᠪᠡᠶᠡᠯᠡᠭᠦᠯᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭᠠᠨ ᠤ ᠬᠦᠴᠦᠨ ᠢ ᠨᠢᠭᠲᠠᠷᠠᠭᠤᠯᠵᠤ ᠤᠯᠠᠨ ᠤ ᠬᠦᠷᠢᠶᠡᠯᠡᠯ ᠢ ᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃     ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂  ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠵᠢᠴᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠰᠠᠭᠤᠭᠠᠯᠢ ᠠᠷᠠᠳ ᠵᠢᠴᠢ ᠠᠵᠢᠯᠲᠠᠨ ᠠᠵᠢᠯᠴᠢᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2