ᠵᠢᠨᠢᠩ ᠲᠣᠭᠤᠷᠢᠭ 2023 ᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/7
    12 ᠳ᠋ᠤᠭᠠᠷ ᠰᠠᠷ᠎ᠠ ᠶᠢᠨ 6᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ 2023 ᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 2023 ᠣᠨ ᠤ ᠪᠥᠬᠦ ᠲᠤᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠳᠤ ᠳᠠᠬᠢᠨ ᠲᠣᠬᠢᠷᠠᠭᠤᠯᠤᠯᠲᠠ ᠬᠢᠪᠠ᠃      ᠬᠤᠷᠠᠯ ᠠᠴᠠ ᠴᠢᠬᠤᠯᠠᠴᠢᠯᠠᠭᠰᠠᠨ ᠨᠢ ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠳᠣᠤᠷᠠᠳᠤ ᠱᠠᠲᠤ ᠲᠠᠢ ᠨᠢᠭᠲᠠ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠪᠠᠨ ᠪᠦᠬᠦᠨ ᠢ ᠰᠢᠯᠭᠠᠨ ᠬᠢᠨᠠᠬᠤ ᠭᠤᠤᠯᠳᠠᠯᠭ᠎ᠠ ᠪᠠ ᠱᠠᠭᠠᠷᠳᠠᠯᠭ᠎ᠠ ᠳᠡᠭᠡᠷ᠎ᠡ ᠰᠢᠯᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠶᠢᠴᠠᠭᠠᠬᠤ ᠴᠡᠭ ᠢ ᠰᠠᠶᠢᠲᠤᠷ ᠲᠣᠭᠲᠠᠭᠠᠵᠤ᠂ ᠪᠠᠶᠢᠴᠠᠭᠠᠬᠤ ᠵᠠᠮ ᠱᠤᠭᠤᠮ ᠢ ᠰᠠᠶᠢᠲᠤᠷ ᠳᠣᠭᠢᠷᠠᠭᠤᠯᠤᠨ᠂ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠬᠢᠨᠠᠨ ᠰᠢᠯᠭᠠᠵᠤ ᠪᠠᠶᠢᠴᠠᠭᠠᠬᠤ ᠱᠠᠭᠠᠷᠳᠠᠯᠭ᠎ᠠ ᠲᠠᠢ ᠬᠠᠷᠢᠴᠠᠭᠤᠯᠤᠨ᠂ ᠮᠠᠲ᠋ᠧᠷᠢᠶᠠᠯ ᠤᠨ ᠡᠬᠡ ᠲᠠᠩᠰᠠ ᠶᠢ ᠡᠮᠬᠢᠯᠡᠨ ᠪᠡᠯᠡᠳᠬᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂  ᠬᠠᠶᠢᠨ ᠰᠦᠪᠡᠭᠴᠢᠯᠡᠯᠳᠡ ᠬᠢᠵᠦ ᠰᠢᠨ᠎ᠡ ᠶᠢ ᠡᠭᠦᠳᠬᠦ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠬᠤᠳᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃      ᠶᠠᠩ ᠶᠦᠩ᠂ ᠯᠢ ᠺᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2