ᠵᠢᠨᠢᠩ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠢᠯᠣᠭᠤᠳᠬᠤ ᠭᠠᠵᠠᠷ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/1
705470.jpg
   1 ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠵᠢᠨᠢᠩ ᠲᠣᠭᠤᠷᠢᠭ ᠤᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠢᠯᠣᠭᠤᠳᠬᠤ ᠭᠠᠵᠠᠷ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   ᠬᠤᠷᠠᠯ ᠳᠡᠭᠡᠷ᠎ᠡ᠂  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ ︽ᠵᠢᠨᠢᠩ ᠲᠣᠭᠤᠷᠢᠭ ᠤᠨ 2023 ᠣᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠳᠤ ᠨᠠᠷᠢᠨ ᠲᠣᠳᠣᠷᠬᠠᠶᠢᠯᠠᠯᠲᠠ ᠬᠢᠪᠠ ᠃ ᠬᠤᠷᠠᠯ ᠳᠤ ᠣᠷᠣᠯᠴᠠᠭᠰᠠᠳ ᠬᠤᠲᠠ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠴᠤ᠂ ᠰᠠᠨᠠᠯ ᠢᠶᠠᠨ ᠭᠦᠨᠵᠡᠭᠡᠶ ᠰᠣᠯᠢᠯᠴᠠᠪᠠ᠃  ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠬᠤᠲᠠ ᠪᠠᠶᠢᠭᠤᠯᠬᠤ ᠠᠵᠢᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠬᠤ ᠶᠢ ᠭᠦᠶᠴᠡᠳ ᠲᠠᠨᠢᠵᠤ᠂ ᠡᠷᠬᠡᠪᠰᠢ ᠪᠣᠳᠠᠲᠠᠶ ᠠᠳᠬᠤᠵᠤ ᠰᠠᠶᠢᠲᠤᠷ ᠠᠳᠬᠤᠵᠤ ᠂ ᠬᠦᠴᠦᠨ ᠢᠶᠠᠨ ᠲᠥᠪᠯᠡᠷᠡᠭᠦᠯᠦᠨ ᠠᠬᠢᠭᠤᠯᠬᠤ ᠬᠡᠷᠡᠭᠲᠡᠶ᠃ ᠬᠡᠷᠡᠭᠵᠢᠭᠦᠯᠬᠦ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠪᠠᠶᠢᠭᠤᠯᠬᠤ ᠭᠤᠤᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠪᠣᠳᠠᠲᠠᠶᠢᠵᠢᠭᠤᠯᠵᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠬᠤᠲᠠ ᠪᠠᠶᠢᠭᠤᠯᠬᠤ ᠬᠦᠴᠢᠷ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠣᠳᠠᠲᠠᠶᠢᠵᠢᠭᠤᠯᠵᠤ᠂ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠪᠦᠯᠬᠦᠮᠳᠡᠨ ᠬᠠᠮᠵᠢᠯᠴᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ ᠡᠯ᠎ᠡ  ᠨᠢᠭᠡᠴᠢ ᠶᠢᠨ ᠡᠭᠦᠷᠭᠡ ᠲᠠᠢ ᠬᠠᠷᠢᠴᠠᠭᠤᠯᠤᠨ ᠵᠦᠶᠯ ᠳᠠᠷᠠᠭᠠᠯᠠᠨ ᠰᠢᠮᠳᠠᠭᠤᠯᠤᠨ ᠪᠠᠶᠢᠴᠠᠭᠠᠵᠤ᠂ ᠪᠠᠷᠢᠮᠵᠢᠶ᠎ᠠ ᠲᠠᠢ ᠬᠠᠷᠢᠴᠠᠭᠤᠯᠤᠨ᠂  ᠪᠡᠶᠡᠯᠡᠭᠦᠯᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠳᠦᠨ ᠪᠠᠶᠢᠭᠤᠯᠬᠤ ᠠᠵᠢᠯ ᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠲᠤᠬᠢᠷᠠᠭᠤᠯᠭ᠎ᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠳᠤᠲᠠᠭᠤᠳᠠᠯ ᠢ ᠨᠥᠬᠦᠪᠥᠷᠢᠯᠡᠵᠦ᠂ ᠬᠤᠳᠠ ᠪᠠᠶᠢᠭᠤᠯᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ  ᠭᠡᠵᠡᠢ᠃    ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᡽  ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂  ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂  ᠲᠤᠭᠤᠷᠢᠭ ᠤᠨ  ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ  ᠨᠢᠭᠡᠴᠢ ᠶᠢᠨ ᠭᠤᠤᠯ ᠬᠠᠷᠢᠭᠤᠴᠠᠯᠭᠠᠲᠠᠨ ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠤᠨ  ᠠᠵᠢᠯ ᠤᠨ ᠵᠦᠪᠯᠡᠯ ᠤᠨ ᠱᠦᠵᠢ ᠬᠤᠷᠠᠯ ᠳᠤ ᠣᠷᠣᠯᠴᠠᠪᠠ᠃            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ  ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2