ᠵᠢᠨᠢᠡᠭ ᠲᠣᠭᠤᠷᠢᠭ 2023 ᠣᠨ ᠤ ᠠᠩᠬᠠᠳᠤᠭᠠᠷ ᠤᠳᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/13
705470.jpg
       2 ᠰᠠᠷ᠎ᠠ ᠶᠢᠨ 10 ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠵᠢᠨᠢᠩ ᠲᠣᠭᠤᠷᠢᠭ ᠤᠨ 2023 ᠣᠨ ᠤ ᠠᠩᠬᠠᠳᠤᠭᠠᠷ ᠤᠳᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠡᠷᠬᠢᠯᠡᠨ ᠬᠤᠷᠠᠯᠳᠤᠭᠤᠯᠪᠠ᠃      ᠳ᠋ᠧᠦ ᠲᠤᠤ ᠷᠠᠨ᠂ ᠸᠠᠩ ᠯᠢ ᠰᠢᠨ᠂ ᠶᠠᠩ ᠶᠦᠩ᠂ ᠵᠦ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳ᠋ᠧᠦ ᠲᠤᠤ ᠷᠠᠨ ᠤᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠢ ᠨᠢᠭᠡᠳ ᠨᠢᠭᠡ ᠪᠠᠷ ᠬᠠᠷᠢᠭᠤ ᠮᠡᠳᠡᠭᠦᠯᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠶᠠᠪᠤᠳᠠᠯ ᠬᠢᠵᠦ᠂ ᠭᠦᠨᠵᠡᠭᠡᠢ ᠤᠶᠢᠯᠠᠭᠠᠨ ᠵᠢᠭᠰᠠᠭᠠᠵᠤ᠂ ᠠᠵᠢᠯ ᠤᠨ ᠡᠭᠡ ᠲᠠᠩᠰᠠ ᠪᠠᠶᠢᠭᠤᠯᠵᠤ᠂ ᠵᠦᠢᠯ ᠳᠠᠷᠠᠭᠠᠯᠠᠨ ᠰᠢᠢᠳᠪᠦᠷᠢᠯᠡᠬᠦ ᠬᠡᠷᠡᠭᠲᠡᠢ᠃ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠶᠳᠪᠦᠷᠢᠯᠡᠬᠦ︾ ᠵᠠᠷᠴᠢᠮ ᠢ ᠪᠠᠷᠢᠮᠲᠠᠯᠠᠵᠤ᠂ ᠠᠩᠬᠠᠨ ᠤ ᠵᠠᠬᠢᠳᠠᠯ ᠰᠤᠷᠪᠤᠯᠵᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠤᠯᠢ ᠲᠣᠭᠲᠠᠭᠠᠯ ᠶᠣᠰᠣᠭᠠᠷ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠦᠯᠢᠴᠡᠩᠭᠦᠶ ᠨᠢᠮᠪᠠᠶ ᠰᠠᠶᠢᠲᠤᠷ ᠬᠢᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠶᠳᠪᠦᠷᠢᠯᠡᠬᠦ ᠬᠡᠷᠡᠭᠲᠡᠶ᠃ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠪᠠ ᠬᠡᠷᠡᠭ ᠢ ᠳᠠᠭᠠᠭᠠᠴᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠳᠠᠭ᠎ᠠ ᠤᠳᠠᠭ᠎ᠠ ᠶᠢ ᠨᠡᠮᠡᠭᠳᠡᠭᠦᠯᠦᠨ᠂ ᠴᠠᠭ ᠬᠤᠭᠤᠴᠠᠭ᠎ᠠ ᠶᠢ ᠤᠷᠲᠤᠳᠬᠠᠵᠤ᠂ ᠤᠷᠢᠳᠴᠢᠯᠠᠨ ᠵᠠᠷᠯᠠᠨ ᠨᠡᠶᠢᠲᠡᠯᠡᠵᠦ ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠰᠢᠶᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠵᠤ᠂ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠪᠣᠯᠭᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠪᠠᠶᠢᠴᠠᠭᠠᠨ ᠲᠣᠳᠣᠷᠬᠠᠶᠢᠯᠠᠵᠤ᠂ ᠭᠠᠷᠳᠠᠨ ᠬᠢᠬᠦ ᠴᠡᠭ ᠢ ᠣᠨᠣᠪᠴᠢᠲᠠᠢ ᠡᠷᠢᠵᠦ᠂ ᠵᠦᠢ ᠵᠣᠬᠢᠰᠲᠠᠢ ᠭᠤᠮᠣᠳᠠᠯ ᠱᠠᠭᠠᠷᠳᠠᠯᠭ᠎ᠠ ᠶᠢ ᠲᠦᠷᠭᠡᠨ ᠪᠥᠭᠡᠳ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ ᠬᠢᠵᠠᠭᠠᠷᠯᠠᠬᠤ ᠪᠠᠨ ᠴᠢᠩᠭᠠᠳᠬᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠪᠠᠷ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ᠂ ᠰᠦᠪᠡᠭᠴᠢ ᠶᠢ ᠪᠠᠶᠢᠴᠠᠭᠠᠨ ᠰᠢᠶᠳᠪᠦᠷᠢᠯᠡᠬᠦ᠂ ᠡᠳᠦᠷ ᠲᠤᠲᠤᠮ ᠤᠨ ᠬᠢᠨᠠᠯᠲᠠ ᠲᠠᠯᠪᠢᠬᠤ᠂ ᠲᠤᠰᠬᠠᠶ ᠵᠦᠶᠯ ᠤᠨ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠴᠠᠭᠳᠠᠨ ᠪᠠᠶᠢᠴᠠᠭᠠᠬᠤ ᠵᠡᠷᠭᠡ ᠲᠠᠯ᠎ᠠ ᠶᠢᠨ ᠠᠵᠢᠯ ᠢ ᠠᠬᠢᠭᠤᠯᠵᠤ᠂ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠠᠮᠲᠤ ᠪᠠᠷ ᠬᠦᠴᠦᠯᠡᠬᠦ ᠬᠡᠷᠡᠭᠲᠡᠶ᠃                     ᠵᠢᠷᠤᠭ᠄ ᠴᠢᠶᠤᠤ ᠮᠢᠨ                     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2