ᠡᠯ᠎ᠡ ᠭᠠᠵᠠᠷ  ᠤᠨ ᠬᠢᠨ ᠰᠤᠷᠭᠠᠭᠤᠯᠢ ᠡᠬᠢᠯᠡᠬᠦ ᠴᠠᠭ  ᠢᠶᠠᠨ ᠨᠡᠶᠢᠳᠡᠯᠡᠯ᠎ᠡ
ᠨᠡᠶᠢᠲᠡᠯᠡᠭᠰᠡᠨ ᠴᠠᠭ᠄
2023/2/14
        ᠴᠠᠭᠠᠨ ᠰᠠᠷ᠎ᠠ  ᠶᠢᠨ ᠠᠮᠠᠷᠠᠯᠳᠠ  ᠶᠢᠨ ᠬᠤᠭᠤᠴᠠᠭ᠎ᠠ ᠲᠠᠭᠤᠰᠬᠤ  ᠶᠢ ᠲᠠᠭᠠᠯᠳᠤᠨ᠂ ᠪᠦᠭᠦ ᠤᠯᠤᠰ  ᠤᠨ ᠡᠯ᠎ᠡ ᠭᠠᠵᠠᠷ ᠤᠨ ᠶᠡᠭᠡ ᠲᠡᠭᠡᠳᠦ ᠰᠤᠷᠭᠠᠭᠤᠯᠢ ᠪᠠ ᠲᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ ᠡᠬᠢᠯᠡᠬᠦ  ᠴᠠᠭ  ᠎ ᠢᠶᠠᠨ  ᠵᠠᠯᠭᠠᠪᠡᠷ‌ᠨᠡᠶᠢᠳᠡᠯᠡᠵᠦ ᠡᠬᠢᠯᠡᠵᠡᠢ᠃ ᠪᠡᠭᠡᠵᠢᠩ᠂ ᠲᠢᠶᠠᠨᠵᠢᠨ ᠵᠡᠷᠭᠡ ᠭᠠᠵᠠᠷ ᠤᠨ ᠲᠤᠮᠳᠠᠳᠤ ᠪᠠᠭ᠎ᠠ‌‍ᠰᠤᠷᠭᠠᠭᠤᠯᠢ 2ᠳ᠋ᠤᠭᠠᠷ ᠰᠠᠷ᠎ᠠ ᠶᠢᠨ 13᠎ ᠤ ᠡᠳᠦᠷ ᠡᠬᠢᠯᠡᠬᠦ ᠪᠤᠯᠤᠨ᠎ᠠ᠃                                    ᠤᠶᠢᠷ᠎ᠠ  ᠳᠤ᠂ ᠤᠯᠤᠰ  ᠤᠨ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠺᠤᠮᠢᠰ ᠪᠠᠰᠠ ᠰᠤᠷᠭᠠᠭᠤᠯᠢ ᠎ ᠳᠠᠭᠠᠨ ᠪᠤᠴᠠᠬᠤ ᠶᠢᠨ ᠪᠤᠳᠠᠳᠠᠢ ᠱᠠᠭᠠᠷᠳᠠᠯᠭ᠎ᠠ  ᠶᠢ ᠲᠤᠷᠠᠳᠤᠬᠰᠠᠨ ᠪᠠᠶᠢᠨ᠎ᠠ᠃ ᠡᠭᠦᠨ  ᠳᠤ᠂ ᠸᠢᠷᠦ᠋ᠰ  ᠤᠨ  ᠬᠠᠯᠳᠠᠪᠦᠷᠢ  ᠦᠭᠡᠢ  ᠰᠤᠷᠭᠠᠭᠤᠯᠢ‌ᠨᠤᠭᠤᠳ ᠬᠡᠪ  ᠤᠨ ᠶᠤᠰᠤᠭᠠᠷ ᠬᠢᠴᠢᠶᠡᠯ ᠬᠦᠮᠦᠵᠢᠯ ᠬᠢᠨ᠎ᠡ᠃ ᠬᠢᠵᠢᠭ ᠲᠠᠬᠤᠯ ᠲᠡᠯᠭᠡᠷᠡᠬᠦ ᠬᠤᠭᠤᠴᠠᠭᠠᠨ  ᠳᠤ᠂ ᠲᠤᠮᠳᠠᠳᠤ ᠪᠠᠭ᠎ᠠ‌‍ᠰᠤᠷᠭᠠᠭᠤᠯᠢ ᠪᠠ ᠬᠡᠥᠬᠡᠳ  ᠤᠨ ᠴᠡᠴᠡᠷᠯᠢᠭ  ᠢ ᠴᠢᠩᠭ᠎ᠠ ᠪᠢᠳᠡᠭᠦᠮᠵᠢᠯᠡᠨ ᠬᠠᠮᠢᠶᠠᠷᠬᠤ ᠬᠡᠷᠡᠭᠳᠡᠢ᠂  ᠶᠡᠭᠡ  ᠲᠡᠭᠡᠳᠦ  ᠰᠤᠷᠭᠠᠭᠤᠯᠢ‌‍ᠲ᠋ᠤᠭᠤᠷᠢᠭ ᠬᠤᠪᠢᠶᠠᠵᠦ ᠬᠠᠮᠢᠶᠠᠷᠴᠦ ᠪᠤᠯᠤᠨ᠎ᠠ᠃  ᠸᠢᠷᠦ᠋ᠰ  ᠬᠠᠯᠳᠠᠪᠦᠷᠢᠯᠠᠬᠰᠠᠨ  ᠪᠠᠶᠢᠪᠠᠯ  ᠰᠤᠷᠭᠠᠭᠤᠯᠢ ᠳᠠᠭᠠᠨ  ᠮᠡᠳᠡᠭᠦᠯᠵᠦ᠂ᠰᠤᠷᠭᠠᠭᠤᠯᠢ ᠪᠤᠴᠠᠬᠤ ᠴᠠᠭ  ᠢᠶᠠᠨ ᠬᠤᠰᠢᠯᠠᠭᠤᠯᠬᠤ ᠴᠢᠬᠤᠯᠠ ᠲᠠᠢ ᠭᠡᠵᠡᠢ᠃               
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2