ᠵᠢᠨᠢᠩ ᠲᠣᠭᠤᠷᠢᠭ 2023 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠳᠠᠶᠢᠴᠢᠯᠠᠯᠲᠠ ᠶᠢᠨ ᠬᠤᠷᠠᠯ ᠵᠢᠴᠢ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/14
626470.jpg
    2 ᠰᠠᠷ᠎ᠠ ᠶᠢᠨ 13᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ 2023 ᠣᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠶᠢᠴᠢᠯᠠᠯᠲᠠ ᠶᠢᠨ ᠬᠤᠷᠠᠯ ᠵᠢᠴᠢ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠪᠦᠬᠦ  ᠲᠤᠭᠤᠷᠢᠭ ᠢᠶᠠᠷ ᠢᠶᠠᠨ   ᠬᠥᠳᠡᠯᠦᠯᠴᠡᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠰᠢᠪᠲᠤᠯᠤᠯᠲᠠ ᠬᠢᠵᠦ ᠬᠦᠴᠦᠯᠡᠨ ᠴᠢᠷᠮᠠᠶᠢᠬᠤ ᠶᠢ ᠳᠠᠶᠢᠴᠢᠯᠠᠵᠤ᠂ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠤᠯᠬᠤ ᠣᠪᠣᠷ ᠢᠶᠠᠷ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠪᠡ᠃     ᠬᠤᠷᠠᠯ ᠠᠴᠠ ᠵᠢᠭᠠᠭᠰᠠᠨ ᠨᠢ ᠂ ᠣᠳᠣᠬᠠᠨ ᠳᠤ ᠮᠠᠨ ᠤ ᠬᠤᠲᠠ ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠰᠢᠨ᠎ᠡ ᠱᠠᠲᠤᠨ ᠳᠤ ᠣᠷᠣᠭᠠᠳ ᠪᠠᠶᠢᠨ᠎ᠠ᠃ ︽ᠰᠢᠨ᠎ᠡ ᠶᠢ ᠡᠭᠦᠳᠪᠡᠯ ᠯᠠᠪᠲᠠᠢ ᠪᠦᠲᠦᠨ᠎ᠡ︾ ᠭᠡᠬᠦ  ᠵᠣᠷᠢᠭ ᠢᠶᠠᠨ ᠦᠷᠭᠦᠯᠵᠢᠯᠡᠨ ᠪᠠᠲᠤᠳᠬᠠᠵᠤ᠂ ︽ᠬᠦᠴᠢᠷ ᠠᠴᠠ ᠠᠶᠤᠵᠤ ᠬᠤᠶᠢᠷᠭᠤᠰᠢᠬᠤ︾ ᠦᠵᠡᠯ ᠰᠠᠨᠠᠭ᠎ᠠ ᠶᠢ ᠲᠡᠪᠴᠢᠵᠦ᠂ ︽ᠵᠣᠷᠢᠭᠰᠠᠨ ᠳᠠᠭᠠᠨ ᠬᠦᠷᠬᠦ︾ ᠣᠮᠤᠭ ᠰᠦᠷ ᠢ ᠬᠥᠪᠴᠢᠯᠡᠵᠦ᠂ ᠤᠳᠤ ᠠᠴᠠ ᠡᠬᠢᠯᠡᠨ ᠬᠥᠳᠡᠯᠦᠯᠴᠡᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠴᠢᠨᠠᠷᠲᠠᠢ ᠦᠷ᠎ᠡ ᠪᠦᠲᠦᠭᠡᠯ ᠢ ᠴᠢᠷᠮᠠᠶᠢᠨ ᠲᠡᠮᠡᠴᠡᠨ ᠤᠯᠬᠤ ᠬᠡᠷᠡᠭᠲᠡᠢ   ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠪᠦᠬᠦ ᠤᠯᠤᠰ ᠤᠨ ᠪᠣᠯᠪᠠᠰᠤᠨ ᠬᠤᠳᠠ ᠶᠢ ᠰᠢᠯᠭᠠᠨ ᠦᠨᠡᠯᠡᠬᠦ  ᠰᠢᠰᠲ᠋ᠧᠮ︾᠎ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ᠬᠦᠴᠦᠨ ᠢᠶᠠᠨ ᠲᠥᠪᠯᠡᠷᠡᠭᠦᠯᠦᠨ ᠳᠤᠲᠠᠭᠤᠳᠠᠯ ᠢ ᠨᠥᠬᠦᠪᠥᠷᠢᠯᠡᠵᠦ᠂ ᠤᠯᠠᠨ ᠨᠡᠶᠢᠲᠡ ᠶᠢᠨ ᠡᠮᠬᠢ ᠳᠢᠭᠯᠢᠮ ︽ᠨᠠᠷᠢᠨ ᠦᠨᠡᠯᠡᠯᠲᠡ︾᠎ ᠶᠢ ᠳᠠᠭᠠᠭᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ︽ᠨᠠᠷᠢᠨ ᠠᠵᠢᠭᠯᠠᠯᠲᠠ︾᠎ ᠶᠢ ᠳᠠᠭᠠᠭᠠᠬᠤ᠂ ᠴᠤᠩᠬᠤᠪᠴᠢ ᠶᠢᠨ ᠦᠢᠯᠡᠴᠢᠯᠡᠭᠡ ︽ᠨᠠᠷᠢᠨ ᠰᠢᠯᠢᠯᠲᠡ︾᠎ ᠶᠢ ᠳᠠᠭᠠᠭᠠᠬᠤ᠂ ᠰᠠᠭᠤᠷᠢ ᠲᠥᠬᠦᠭᠡᠷᠦᠮᠵᠢ ︽ᠨᠠᠷᠢᠨ ᠪᠠᠶᠢᠴᠠᠭᠠᠯᠲᠠ︾᠎ ᠶᠢ ᠳᠠᠭᠠᠭᠠᠬᠤ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠵᠣᠷᠢᠯᠭ᠎ᠠ᠂ ᠠᠬᠢᠴᠠ ᠶᠢᠨ ᠦᠷ᠎ᠡ ᠪᠦᠲᠦᠮᠵᠢ᠂ ᠨᠡᠶᠢᠲᠡᠯᠢᠭ ᠦᠶᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠡᠭᠦᠳᠦᠨ ᠪᠠᠶᠢᠭᠤᠯᠬᠤ ᠬᠦᠴᠦᠷᠬᠡᠭ ᠶᠡᠭᠡ ᠬᠦᠴᠦᠨ᠂ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ                     ᠵᠢᠷᠤᠭ᠄ ᠴᠢᠶᠤᠤ ᠮᠢᠨ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2