ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  2023 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/14
705470.jpg
     2 ᠳ᠋ᠤᠭᠠᠷ ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠬᠤᠯᠪᠣᠭᠳᠠᠯ ᠪᠥᠬᠦᠶ ᠵᠦᠶᠯᠡᠰ ᠢ ᠰᠤᠳᠤᠯᠤᠨ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠲᠠᠰ ᠳᠠᠷᠠᠭᠠᠯᠠᠯ︾᠎ ᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠠᠮᠢᠶᠠᠷᠤᠯᠲᠠ ᠶᠢᠨ ᠲᠠᠰ ᠳᠠᠷᠠᠭᠠᠯᠠᠯ︾᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠮᠠᠨ ᠤ ᠲᠤᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠬᠠᠮᠢᠶᠠᠷᠤᠯᠲᠠ ᠶᠢᠨ ᠴᠤᠪᠤᠷᠠᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠶᠯ ᠤᠨ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠡᠯ᠎ᠡ ᠵᠦᠶᠯ ᠤᠨ ᠪᠠᠯᠠ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠶᠢ ᠪᠠᠲᠤᠯᠠᠵᠤ᠂ ᠪᠠᠯᠠ ᠮᠥᠩᠭᠦ ᠶᠢ ᠦᠨᠡᠨᠬᠦ ᠰᠠᠶᠢᠲᠤᠷ ᠬᠡᠷᠡᠭᠯᠡᠵᠦ᠂ ᠠᠮᠢᠳᠤᠯᠢᠭ ᠬᠡᠷᠡᠭᠯᠡᠵᠦ᠂ ᠭᠦᠶᠴᠡᠳ ᠬᠡᠷᠡᠭᠯᠡᠬᠦ ᠬᠡᠷᠡᠭᠲᠡᠶ᠃     ᠬᠤᠷᠠᠯ ᠠᠴᠠ ᠵᠢᠨᠢᠩ ᠲᠣᠭᠤᠷᠢᠭ ᠤᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠢ ᠰᠤᠳᠤᠯᠤᠨ ᠬᠢᠨᠠᠨ ᠵᠥᠪᠯᠡᠪᠡ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠲᠠᠪᠤᠨ ᠶᠡᠭᠡ ᠡᠭᠦᠷᠭᠡ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ  ᠲᠤᠭᠤᠷᠢᠭ ᠤᠨ  ᠪᠣᠳᠠᠲᠠᠶ ᠳᠤ ᠰᠠᠭᠤᠷᠢᠯᠠᠨ᠂ ᠬᠤᠷᠠᠯ ᠤᠨ ᠶᠠᠷᠢᠯᠴᠠᠭᠰᠠᠨ ᠰᠠᠨᠠᠯ ᠢ ᠬᠢᠨᠠᠮᠠᠭᠠᠶ ᠭᠥᠯᠢᠶᠡᠨ ᠠᠪᠴᠤ᠂ ᠬᠡᠷᠡᠭᠵᠢᠭᠦᠯᠬᠦ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠡᠭᠦᠷᠭᠡ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠱᠠᠯᠠᠪᠳᠠᠨ ᠬᠥᠳᠡᠯᠦᠯᠴᠡᠵᠦ᠂ ᠡᠬᠢᠯᠡᠨ ᠬᠢᠵᠦ᠂ ︽ᠲᠠᠪᠤᠨ ᠶᠡᠭᠡ ᠡᠭᠦᠷᠭᠡ︾᠎ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠠᠷ ᠡᠯ᠎ᠡ ᠵᠦᠶᠯ ᠤᠨ ᠠᠵᠢᠯ ᠤᠨ ᠠᠮᠵᠢᠯᠲᠠ ᠪᠦᠲᠦᠮᠵᠢ ᠤᠯᠬᠤ ᠶᠢ ᠳᠠᠶᠢᠴᠢᠯᠠᠬᠤ ᠬᠡᠷᠡᠭᠲᠡᠶ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                    ᠵᠢᠷᠤᠭ᠄ ᠴᠢᠶᠤᠤ ᠮᠢᠨ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2