ᠶᠠᠮᠠᠷ ᠪᠠᠶᠢᠳᠠᠯ ᠳᠤ N95 ᠠᠮᠠᠪᠴᠢ ᠵᠡᠭᠦᠬᠦ ᠴᠢᠬᠤᠯᠠᠲᠠᠢ ᠪᠣᠶ︖
ᠨᠡᠶᠢᠲᠡᠯᠡᠭᠰᠡᠨ ᠴᠠᠭ᠄
2023/2/14
    ᠪᠡᠭᠡᠵᠢᠩ  ᠶᠡᠭᠡ  ᠰᠤᠷᠭᠠᠭᠤᠯᠢ ᠶᠢᠨ  ᠨᠢᠭᠡᠳᠦᠭᠡᠷ  ᠡᠮᠨᠡᠯᠭᠡ ᠶᠢᠨ  ᠬᠤᠷᠢᠶᠠᠨ ᠤ  ᠬᠠᠷᠢᠭᠤᠴᠠᠯᠭᠠᠳᠠᠨ  ᠯᠢ  ᠯᠢᠦ  ᠢ‌ᠢᠯᠡᠷᠬᠡᠶᠢᠯᠡᠬᠦ ᠳᠡᠭᠡᠨ᠂ ᠠᠮᠠᠪᠴᠢ ᠳᠤ ᠭᠤᠣᠯᠳᠠᠭᠤ ᠭᠤᠷᠪᠠᠨ ᠵᠦᠢᠯ ᠪᠤᠢ᠄ ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠶᠢᠨ ᠠᠮᠠᠪᠴᠢ᠂ᠡᠮᠨᠡᠯᠭᠡ ᠶᠢᠨ ᠭᠠᠳᠠᠷ ᠰᠠᠯᠠᠭᠠᠨ ᠳᠤ ᠬᠡᠷᠡᠭᠯᠡᠬᠦ ᠠᠮᠠᠪᠴᠢ ᠪᠠ ᠡᠮᠨᠡᠯᠭᠡ ᠳᠤ  ᠬᠡᠷᠡᠭᠯᠡᠬᠦ  ᠬᠠᠮᠠᠭᠠᠯᠠᠯᠲᠠ ᠶᠢᠨ  ᠠᠮᠠᠪᠴᠢ  ︵N95︶ᠵᠡᠷᠭᠡ ᠪᠤᠯᠤᠨ᠎ᠠ᠃             ᠣᠯᠠᠩᠬᠢ ᠪᠠᠶᠢᠳᠠᠯ ᠳᠤ᠂ ᠬᠠᠯᠳᠠᠪᠤᠷᠢᠯᠠᠯ ᠤᠨ ᠡᠷᠡᠰᠳᠡᠯ  ᠪᠠᠭ᠎ᠠ  ᠪᠠᠶᠢᠪᠠᠯ  ᠪᠢᠳᠡ  ᠨᠢᠭᠡ  ᠯᠡ  ᠤᠳᠠᠭ᠎ᠠ  ᠬᠡᠷᠡᠭᠯᠡᠬᠦ‌ᠡᠮᠨᠡᠯᠭᠡ ᠶᠢᠨ ᠠᠮᠠᠪᠴᠢ ᠪᠤᠶᠤ ᠡᠮᠨᠡᠯᠭᠡ ᠶᠢᠨ ᠭᠠᠳᠠᠷ ᠰᠠᠯᠠᠭᠠᠨ ᠳᠤ ᠬᠡᠷᠡᠭᠯᠡᠬᠦ ᠠᠮᠠᠪᠴᠢ ᠶᠢ ᠵᠠᠷᠣᠪᠠᠯ ᠪᠣᠯᠴᠢᠬᠠᠨ᠎ᠠ᠃             N95 ᠠᠮᠠᠪᠴᠢ ᠶᠢ ᠭᠤᠣᠯᠳᠠᠭᠤ ᠬᠠᠯᠳᠠᠪᠤᠷᠢᠯᠠᠯ ᠤᠨ  ᠡᠷᠡᠰᠳᠡᠯ  ᠶᠡᠬᠡᠲᠡᠢ  ᠣᠷᠴᠢᠨ  ᠲᠣᠭᠤᠷᠢᠨ ᠳᠤ  ᠵᠡᠭᠦᠳᠡᠭ᠂ᠵᠢᠱᠢᠶᠡᠯᠡᠪᠡᠯ ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ᠂ ᠰᠢᠨ᠎ᠡ ᠲᠢᠲᠢᠮᠯᠢᠭ ᠸᠢᠷᠦ᠋ᠰ ᠤᠨ  ᠬᠢᠵᠢᠭ ᠢ  ᠵᠠᠰᠠᠬᠤ  ᠲᠤᠬᠳᠠᠬᠰᠠᠨ‌ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠵᠡᠭᠦᠳᠡᠭ᠂ ᠲᠡᠭᠦᠨ ᠤ ᠬᠠᠯᠳᠠᠪᠦᠷᠢᠯᠠᠯ ᠢ ᠰᠡᠷᠭᠡᠶᠢᠯᠡᠬᠦ  ᠴᠢᠨᠠᠷ ᠎ ᠨᠢ  ᠪᠤᠰᠤᠳ  ᠬᠤᠶᠠᠷ‌ᠵᠦ᠋ᠢᠯ ᠤᠨ ᠠᠮᠠᠪᠴᠢ ᠠᠴᠠ ᠨᠡᠩ ᠰᠠᠶᠢᠨ ᠪᠠᠶᠢᠳᠠᠭ᠃              N95 ᠠᠮᠠᠪᠴᠢ ᠶᠢ ᠬᠡᠷᠡᠭᠯᠡᠬᠦ ᠳᠤ ᠠᠩᠬᠠᠷᠬᠤ ᠵᠦᠢᠯ᠄ ᠨᠢᠭᠡ ᠯᠡ ᠤᠳᠠᠭ᠎ᠠ ᠬᠡᠷᠡᠭᠯᠡᠵᠦ᠂ 4᠎ ᠠᠴᠠ  6  ᠴᠠᠭ  ᠯᠠ ᠵᠡᠬᠦᠵᠦ ᠪᠤᠯᠳᠠᠭ᠃ ᠤᠳᠠᠭᠠᠨ ᠵᠡᠭᠦᠪᠡᠯ ᠠᠮᠢᠰᠬᠤᠯ ᠪᠦᠳᠦᠨ᠎ᠡ᠂ ᠢᠩᠬᠢᠪᠡᠯ ᠠᠮᠠᠷᠬᠠᠨ ᠶᠠᠳᠠᠷᠠᠵᠤ᠂  ᠵᠢᠷᠦᠬᠡ  ᠪᠠ  ᠲᠠᠷᠢᠬᠢᠨ ᠳ᠋ᠤ᠋‌ᠮᠠᠭᠤ ᠪᠤᠯᠬᠤ ᠶᠤᠮ᠃ ᠡᠶᠢᠮᠦ ᠠᠴᠠ ᠡᠩ ᠤᠨ ᠦᠶ᠎ᠡ ᠳᠤ ᠵᠡᠭᠦᠬᠦ ᠴᠢᠬᠤᠯᠠ ᠦᠭᠡᠢ ᠶᠤᠮ ᠪᠠᠶᠢᠨ᠎ᠠ᠃                   ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2