ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠬᠤᠷᠠᠯ ᠵᠡᠷᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/16
     2 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠵᠢᠨ‌ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠬᠤᠷᠠᠯ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾᠎ ᠶᠢᠨ ᠪᠥᠲᠥᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠬᠤ ᠶᠢ ᠠᠬᠢᠭᠤᠯᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ  ᠸᠧᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠳᠤᠮᠳᠠᠳᠤ ᠠᠹᠷᠢᠺᠠ ᠶᠢ ᠲᠤᠰᠠᠯᠠᠬᠤ ᠳᠤᠮᠳᠠᠳᠤ ᠤᠯᠤᠰ ᠤᠨ ᠡᠮ ᠡᠮᠨᠡᠯᠭᠡ ᠶᠢᠨ ᠠᠩᠬᠢ ᠶᠢᠨ ᠭᠡᠰᠢᠭᠦᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠳᠤᠷᠠᠳᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ  ᠵᠢᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠭᠦᠨ ᠰᠡᠳᠬᠢᠯᠭᠡ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠯᠢ ᠤᠯᠠᠨ ᠴᠢᠬᠤᠯᠠ ᠶᠡᠭᠡ ᠤᠨᠤᠯ  ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠭᠠᠳᠠᠭᠠᠳᠤ ᠶᠢ ᠲᠤᠰᠠᠯᠠᠬᠤ ᠡᠮ ᠡᠮᠨᠡᠯᠭᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠮ ᠡᠮᠨᠡᠯᠭᠡ ᠶᠢᠨ ᠠᠵᠢᠯᠲᠠᠳ ᠢ ᠬᠠᠯᠠᠮᠵᠢᠯᠠᠨ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠪᠢᠳᠡᠨ ᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠨ ᠥᠭᠴᠦ ᠂ ᠵᠢᠷᠤᠮᠯᠠᠯ ᠬᠠᠩᠭᠠᠭᠰᠠᠨ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ᠮᠠᠨ ᠤ  ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠲᠠᠪᠰᠢᠯᠳᠠ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠡᠢ᠃     ᠬᠤᠷᠠᠯ ᠎ ᠠᠴᠠ ᠱᠠᠭᠠᠷᠳᠠᠭᠰᠠᠨ ᠨᠢ᠂ ᠡᠯ᠎ᠡ  ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠦᠷᠭᠡᠨ ᠬᠥᠳᠡᠯᠦᠯᠴᠡᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ᠃ ᠲᠥᠰᠦᠯ ᠳᠤ ᠦᠷᠭᠦᠯᠵᠢᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠮᠠᠨ ᠤ  ᠲᠤᠭᠤᠷᠢᠭ ᠤᠨ  ᠪᠣᠳᠠᠲᠠᠶ ᠳᠤ ᠰᠠᠭᠤᠷᠢᠯᠠᠨ᠂ ᠠᠷᠭ᠎ᠠ ᠬᠡᠮᠵᠢᠶ᠎ᠡ ᠨᠢᠭᠡᠪᠦᠷᠢ ᠶᠢ ᠳᠠᠬᠢᠨ ᠲᠤᠩᠭᠠᠨ ᠪᠣᠳᠣᠯᠬᠢᠯᠠᠵᠤ᠂ ᠳᠠᠬᠢᠨ ᠰᠤᠳᠤᠯᠵᠤ᠂ ᠲᠥᠰᠦᠯ ᠤᠨ ᠦᠨᠡᠨᠬᠦ ᠶᠠᠪᠤᠭᠳᠠᠭᠤᠰᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠰᠢᠮᠳᠠᠨ ᠬᠥᠳᠡᠯᠦᠯᠴᠡᠵᠦ᠂ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠪᠣᠳᠠᠲᠠᠶ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ ᠡᠯ᠎ᠡ ᠵᠦᠶᠯ ᠤᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶ᠎ᠠ᠂  ᠲᠤᠭᠤᠷᠢᠭ ᠤᠨ ᠵᠠᠰᠠᠭ ᠤᠨ ᠣᠷᠳᠣᠨ ᠤ ︽ᠬᠤᠶᠠᠷ ᠠᠯᠪᠠᠨ ᠬᠡᠷ︾᠎ ᠨᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ᠂ ᠮᠥᠷᠳᠡᠨ ᠰᠢᠮᠳᠠᠭᠤᠯᠤᠨ ᠰᠢᠶᠳᠪᠦᠷᠢᠯᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ ᠵᠢᠨᠢᠩ ᠲᠣᠭᠤᠷᠢᠭ ᠤᠨ ᠤᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃                   ᠵᠢᠷᠤᠭ ᠄ ᠭᠦᠸᠧ  ᠸᠧᠨ ᠵᠢᠶᠧ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2