ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ — ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾ ᠠᠰᠠᠭᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/2/17
705470.jpg
    2 ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠨᠢᠩ ᠲᠣᠭᠤᠷᠢᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾ ᠠᠰᠠᠭᠤᠳᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠰᠢᠶᠳᠪᠦᠷᠢᠯᠡᠪᠡ᠃    ᠬᠤᠷᠠᠯ ᠳᠡᠭᠡᠷ᠎ᠡ᠂ ᠶᠠᠩ ᠶᠦᠩ ᠣᠶᠢᠷ᠎ᠠ ᠶᠢᠨ ᠬᠤᠭᠤᠴᠠᠭᠠᠨ ᠤ ᠵᠢᠨᠢᠩ ᠲᠣᠭᠤᠷᠢᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ  ᠬᠦᠴᠢᠷ︾ ᠠᠰᠠᠭᠤᠳᠠᠯ ᠤᠨ ᠪᠦᠬᠦᠯᠢ ᠴᠣᠭᠴᠠ ᠶᠢᠨ ᠪᠠᠶᠢᠳᠠᠯ ᠢ ᠮᠡᠳᠡᠭᠳᠡᠵᠦ᠂ ︽ᠵᠢᠨᠢᠩ ᠲᠣᠭᠤᠷᠢᠭ ᠤᠨ 2023 ᠣᠨ ᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ︽ᠭᠤᠷᠪᠠᠨ ᠬᠦᠴᠢᠷ︾ ᠠᠰᠠᠭᠤᠳᠠᠯ ᠤᠨ ᠰᠢᠪᠲᠤᠯᠤᠯᠲᠠ ᠶᠢᠨ ᠲᠥᠰᠦᠯ︾᠎ ᠤᠨ ᠬᠠᠮᠢᠶ᠎ᠠ ᠪᠥᠬᠦᠶ ᠪᠠᠶᠢᠳᠠᠯ ᠢ ᠬᠠᠷᠢᠭᠤ ᠮᠡᠳᠡᠭᠦᠯᠪᠡ ᠃ ᠡᠯ᠎ᠡ ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ ᠲᠣᠰ ᠲᠣᠰ ᠤᠨ ᠬᠡᠷᠡᠭ ᠳᠠᠭᠠᠭᠠᠴᠢᠯᠠᠭᠰᠠᠨ ᠲᠥᠷᠥᠯ ᠵᠦᠶᠯ ᠤᠨ ᠣᠳᠣᠬᠠᠨ ᠤ ᠰᠢᠶᠳᠪᠦᠷᠢᠯᠡᠯᠲᠡ ᠶᠢ ᠠᠬᠢᠭᠤᠯᠵᠤ ᠪᠠᠶᠢᠭ᠎ᠠ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ  ᠨᠢᠭᠡᠴᠢ ᠨᠦᠭᠦᠳ ᠨᠢᠭᠡ ᠲᠥᠷᠥᠯ ᠵᠦᠶᠯ ᠂ ᠨᠢᠭᠡ  ᠰᠠᠭᠤᠭᠠᠯᠢ ᠲᠣᠭᠤᠷᠢᠭ  ᠢᠶᠠᠷ ︽ᠰᠢᠯᠭᠠᠷᠠᠭᠤᠯᠵᠤ︾᠂ ᠪᠣᠳᠠᠲᠠᠶ ᠡᠭᠦᠷᠭᠡ ᠶᠢ ᠡᠮᠬᠢᠯᠡᠨ ᠨᠠᠷᠢᠯᠢᠬᠵᠢᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠦᠷᠭᠡᠨ ᠰᠢᠶᠳᠪᠦᠷᠢᠯᠡᠬᠦ ᠬᠡᠷᠡᠭᠲᠡᠶ᠃ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠲᠦᠷᠢᠮ ᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠰᠢᠢᠳᠪᠦᠷᠢᠯᠡᠬᠦ ᠠᠷᠭ᠎ᠠ ᠵᠠᠮ ᠢ ᠣᠨᠣᠪᠴᠢᠲᠠᠢ ᠡᠷᠢᠵᠦ᠂ ᠪᠣᠳᠠᠲᠠᠢ ᠠᠰᠠᠭᠤᠳᠠᠯ ᠢ ᠬᠠᠪᠰᠤᠷᠤᠨ ᠵᠣᠬᠢᠴᠠᠭᠤᠯᠵᠤ ᠰᠢᠢᠳᠪᠦᠷᠢᠯᠡᠬᠦ ᠬᠡᠷᠡᠭᠲᠡᠢ᠃ ᠪᠤᠰᠤᠳ ᠭᠠᠵᠠᠷ ᠣᠷᠣᠨ ᠤ ᠬᠤᠯᠪᠣᠭᠳᠠᠯ ᠪᠦᠬᠦᠢ ᠠᠰᠠᠭᠤᠳᠠᠯ ᠢ ᠰᠢᠶᠳᠪᠦᠷᠢᠯᠡᠬᠦ ᠰᠠᠶᠢᠨ ᠠᠷᠭ᠎ᠠ ᠬᠢᠳᠡᠯ ᠢᠶᠠᠷ ᠢᠯᠡᠭᠦᠬᠡᠨ ᠲᠤᠯᠢ ᠪᠣᠯᠭᠠᠵᠤ᠂ ᠤᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠢ ᠪᠣᠳᠠᠲᠠᠶ ᠪᠠᠷ ᠬᠢᠵᠦ ᠥᠭᠬᠦ ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠮᠬᠢ ᠵᠢᠷᠤᠮ ᠲᠠᠢ᠂ ᠬᠠᠤᠯᠢ ᠲᠣᠭᠲᠠᠭᠠᠯ ᠳᠤ ᠨᠡᠶᠢᠴᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠥᠷᠥᠯ ᠵᠦᠶᠯ ᠢ ᠲᠣᠭᠲᠠᠭᠰᠠᠨ ᠬᠤᠭᠤᠴᠠᠭᠠᠨ ᠳᠤ ᠲᠤᠰᠢᠶᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃    ᠲᠦᠩ ᠢ᠂ ᠳ᠋ᠧᠦ ᠲᠤᠤ ᠷᠠᠨ᠂ ᠵᠠᠩ ᠱᠧᠩ ᠵᠢᠶᠠᠩ᠂ ᠵᠠᠩ ᡁᠢ ᠷᠦᠩ᠂ ᠷᠧᠨ ᠶᠦᠩ ᠱᠧᠩ᠂ ᠸᠠᠩ ᠯᠢ ᠰᠢᠨ᠂ ᠶᠠᠩ ᠶᠦᠩ᠂ ᠵᠦ ᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                       ᠵᠢᠷᠤᠭ᠄ ᠴᠢᠶᠤᠤ ᠮᠢᠨ                       ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2